ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ ᠲᠤᠬᠠᠢ ᠭᠡᠷᠡᠭᠵᠢᠭᠦᠯᠭᠦ ᠰᠠᠨᠠᠯ
ᠨᠡᠶ᠋ᠢᠲᠡᠯᠡᠭᠰᠡᠨ ᠴᠠᠭ᠄ 2022-01-27

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠡ᠎ᠳᠤ᠄
   《ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠰᠠᠨᠠᠯ᠎ᠤᠳ》 ([2021] 7 ᠳ᠋ᠤᠭ᠋ᠠᠷ ᠲᠣᠭ᠋ᠠᠲᠤ)᠎ᠢ ᠲᠤᠭᠤᠰᠢᠯᠠᠭᠤᠯᠦᠨ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠰᠡᠷᠭᠦᠭᠡᠯᠲᠡ ᠵᠢ ᠲᠦᠷᠭᠡᠳᠬᠡᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠦᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠃
    ᠶᠡᠷᠦᠩᠬᠡᠢ ᠱᠠᠭ᠋ᠠᠷᠳᠠᠯᠭ᠎ᠠ᠄
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠥᠪᠥᠷ ᠮᠣᠩᠭᠤᠯ᠎ᠳᠤ ᠲᠠᠯᠪᠢᠭᠰᠠᠨ ᠴᠢᠬᠤᠯᠠ ᠶᠠᠷᠢᠶᠠᠨ᠎ᠤ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠵᠢ ᠪᠦᠲᠦᠭᠡᠨ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠤᠨ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ᠎ᠪᠠᠷ ᠬᠥᠭᠵᠢᠭᠦᠯᠬᠦ ᠵᠢ ᠢᠮᠠᠭᠲᠠ ᠪᠠᠷᠢᠮᠲᠠᠯᠠᠵᠤ᠂ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠬᠦ᠎ᠪᠠᠷ ᠭᠤᠣᠯ ᠪᠣᠯᠭ᠋ᠠᠬᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠴᠢᠭᠯᠡᠯᠲᠡ ᠶᠣᠰᠣᠭ᠋ᠠᠷ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲᠸᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠯᠡᠵᠦ᠂ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠳᠦᠷᠢᠮ᠎ᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠵᠢ ᠴᠢᠩᠭ᠋ᠠᠳᠬᠠᠬᠤ᠂ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠨ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠪᠠᠷ ᠭᠤᠣᠯ ᠰᠢᠵᠢᠮ ᠪᠣᠯᠭ᠋ᠠᠵᠤ᠂ ᠨᠤᠲᠤᠭ ᠪᠡᠯᠴᠢᠭᠡᠷ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠡᠷᠴᠢᠮ᠎ᠢ ᠴᠢᠩᠭ᠋ᠠᠳᠬᠠᠵᠤ᠂ ᠨᠤᠲᠤᠭ ᠪᠡᠯᠴᠢᠭᠡᠷ᠎ᠢ ᠵᠦᠢ ᠵᠣᠬᠢᠰᠲᠠᠢ ᠠᠰᠢᠭᠯᠠᠬᠤ ᠵᠢ ᠠᠬᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠠᠶ᠋ᠢᠳᠠᠯ᠎ᠢ ᠰᠠᠶ᠋ᠢᠵᠢᠷᠠᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠰᠢᠰᠲ᠋ᠧᠮ᠎ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠴᠤᠭᠴᠠᠯᠠᠬᠤ᠎ᠳᠤ ᠰᠠᠭᠤᠷᠢ ᠲᠠᠯᠪᠢᠨ᠎ᠠ᠃
     2025 ᠣᠨ ᠪᠣᠯᠬᠤ᠎ᠳᠤ᠂ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠳᠦᠷᠢᠮ᠎ᠤᠨ ᠰᠢᠰᠲ᠋ᠧᠮᠵᠢ ᠵᠢ ᠦᠨᠳᠦᠰᠦᠨ᠎ᠳᠡᠭᠡᠨ ᠪᠠᠶ᠋ᠢᠭᠤᠯᠵᠤ᠂ ᠮᠠᠯ ᠪᠡᠯᠴᠢᠭᠡᠷ᠎ᠤᠨ ᠵᠥᠷᠢᠴᠡᠯ᠎ᠢ ᠢᠯᠡᠷᠬᠡᠢ ᠨᠠᠮᠳᠠᠭᠤᠯᠤᠨ᠂ ᠨᠤᠲᠤᠭ ᠪᠡᠯᠴᠢᠭᠡᠷ᠎ᠤᠨ ᠮᠠᠭᠤᠵᠢᠷᠠᠬᠤ ᠬᠠᠨᠳᠤᠰᠢ ᠵᠢ ᠪᠦᠲᠦᠮᠵᠢᠲᠡᠶ ᠬᠤᠷᠢᠭᠯᠠᠵᠤ᠂ ᠪᠥᠬᠦ ᠣᠷᠣᠨ᠎ᠤ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ ᠵᠢ 45% ᠣᠷᠴᠢᠮ᠎ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠠᠶ᠋ᠢᠳᠠᠯ᠎ᠢ ᠦᠷᠭᠦᠯᠵᠢᠯᠡᠨ ᠰᠠᠶ᠋ᠢᠵᠢᠷᠠᠭᠤᠯᠤᠨ᠎ᠠ᠃ 2035 ᠣᠨ ᠪᠣᠯᠬᠤ᠎ᠳᠤ᠂ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠳᠦᠷᠢᠮ᠎ᠤᠨ ᠰᠢᠰᠲ᠋ᠧᠮᠵᠢ ᠵᠢ ᠨᠠᠩ ᠲᠡᠭᠦᠯᠳᠡᠷᠵᠢᠭᠦᠯᠵᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠵᠢ ᠦᠨᠳᠦᠰᠦᠨ᠎ᠳᠡᠭᠡᠨ ᠪᠡᠶᠡᠯᠡᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ᠎ᠢ ᠪᠦᠲᠦᠮᠵᠢᠲᠡᠶ ᠵᠠᠰᠠᠨ ᠰᠡᠷᠭᠦᠭᠡᠵᠦ᠂ ᠪᠥᠬᠦ ᠣᠷᠣᠨ᠎ᠤ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ ᠵᠢ 45%᠎ᠠᠴᠠ ᠳᠡᠭᠡᠭᠰᠢ᠎ᠳᠤ ᠲᠤᠭᠲᠠᠭᠤᠨ ᠪᠠᠢ᠌ᠯᠭ᠋ᠠᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠴᠢᠳᠠᠮᠵᠢ ᠪᠠ ᠦᠢ᠍ᠯᠡᠳᠪᠦᠷᠢᠯᠡᠯ᠎ᠤᠨ ᠴᠢᠳᠠᠮᠵᠢ ᠵᠢ ᠢᠯᠡᠳᠲᠡ ᠳᠡᠭᠡᠭᠰᠢᠯᠡᠭᠦᠯᠦᠨ᠎ᠡ᠃ ᠲᠣᠰ ᠵᠠᠭᠤᠨ᠎ᠤ ᠳᠤᠮᠳᠠᠴᠢ ᠦᠶ᠎ᠡ ᠪᠣᠯᠬᠤ᠎ᠳᠤ᠂ ᠲᠠᠴᠢᠷᠳᠠᠭᠰᠠᠨ ᠨᠤᠲᠤᠭ ᠪᠡᠯᠴᠢᠭᠡᠷ᠎ᠢ ᠪᠥᠬᠦ ᠲᠠᠯ᠎ᠠ᠎ᠪᠠᠷ ᠵᠠᠰᠠᠨ ᠰᠡᠷᠭᠦᠭᠡᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠰᠢᠰᠲ᠋ᠧᠮ᠎ᠤᠨ ᠰᠠᠶ᠋ᠢᠨ ᠣᠷᠴᠢᠯ᠎ᠢ ᠪᠤᠢ ᠪᠤᠯᠭ᠋ᠠᠵᠤ᠂ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠰᠢᠨ᠎ᠡ ᠪᠠᠶ᠋ᠢᠷᠢᠰᠢᠯ᠎ᠢ ᠪᠣᠶ ᠪᠣᠯᠭ᠋ᠠᠨ᠎ᠠ᠃
   

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠪᠠᠶ᠋ᠢᠴᠠᠭ᠋ᠠᠵᠤ ᠬᠢᠨᠠᠨ ᠰᠢᠯᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠤᠢ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠠᠴᠠ ᠡᠮᠦᠨᠡᠬᠢ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠴᠢ ᠲᠤᠬᠠᠶ ᠵᠢᠨ ᠭᠠᠵᠠᠷ᠎ᠤᠨ ᠪᠠᠶ᠋ᠢᠴᠠᠭ᠋ᠠᠨ ᠰᠢᠯᠭ᠋ᠠᠬᠤ ᠠᠵᠢᠯ᠎ᠢ ᠶᠠᠪᠤᠭᠳᠠᠭᠤᠯᠬᠤ ᠲᠤᠬᠠᠶ ᠵᠠᠬᠢᠳᠠᠯ
ᠤᠢ ᠰᠢᠭᠤᠢ ᠲᠠᠯ᠎ᠠ ᠨᠤᠲᠤᠭ᠎ᠤᠨ ᠬᠡᠭᠡᠷ᠎ᠡ ᠵᠢᠨ ᠡᠮᠲᠦ ᠤᠷᠭᠤᠮᠠᠯ᠎ᠢ ᠮᠠᠯᠲᠠᠵᠤ ᠬᠤᠳᠠᠯᠳᠤᠭ᠋ᠠᠯᠠᠬᠤ ᠪᠠ ᠲᠡᠭᠡᠭᠡᠪᠦᠷᠢᠯᠡᠬᠦ ᠵᠢ ᠴᠢᠩᠭ᠎ᠠ ᠴᠠᠭ᠋ᠠᠵᠠᠯᠠᠬᠤ ᠲᠤᠬᠠᠢ ᠵᠠᠷᠯᠠᠯ (1 ᠳ᠋ᠦ᠍ᠭᠡᠷ ᠲᠤᠭ᠋ᠠᠲᠤ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠦᠴᠦᠨ ᠥᠬᠡᠶ ᠪᠣᠯᠭ᠋ᠠᠬᠤ ᠲᠤᠬᠠᠶ ᠠᠯᠪᠠᠨ ᠵᠠᠷ (2022 ᠣᠨ᠎ᠤ 1 - 6 ᠳ᠋ᠤᠭ᠋ᠠᠷ ᠰᠠᠷ᠎ᠠ)
ᠲᠣᠭᠣᠷᠢᠨ ᠪᠠᠶ᠋ᠢᠴᠠᠭ᠋ᠠᠬᠤ ᠠᠯᠪᠠᠨ ᠵᠠᠷ
 
             蒙ICP备05000248号