ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠪᠠᠶ᠋ᠢᠴᠠᠭ᠋ᠠᠵᠤ ᠬᠢᠨᠠᠨ ᠰᠢᠯᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2022-03-10

      ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ᠋ᠢᠷ᠎ᠠ᠎ᠳᠤ 《ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠪᠠᠶ᠋ᠢᠴᠠᠭ᠋ᠠᠵᠤ ᠬᠢᠨᠠᠨ ᠰᠢᠯᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠪᠠᠶ᠋ᠢᠴᠠᠭ᠋ᠠᠵᠤ ᠬᠢᠨᠠᠨ ᠰᠢᠯᠭ᠋ᠠᠬᠤ ᠭᠣᠤᠯ ᠠᠭᠤᠯᠭ᠎ᠠ ᠵᠢᠴᠢ ᠬᠢᠨᠠᠨ ᠰᠢᠯᠭ᠋ᠠᠬᠤ ᠠᠷᠭ᠎ᠠ ᠵᠢ ᠲᠣᠳᠣᠷᠬᠠᠶ ᠲᠣᠭᠲᠠᠭ᠋ᠠᠪᠠ᠃ ᠲᠣᠰ ᠠᠷᠭ᠎ᠠ ᠵᠢ 2022 ᠣᠨ᠎ᠤ 2 ᠰᠠᠷ᠎ᠠ ᠵᠢᠨ 28᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠪᠠᠶ᠋ᠢᠴᠠᠭ᠋ᠠᠵᠤ ᠬᠢᠨᠠᠨ ᠰᠢᠯᠭ᠋ᠠᠬᠤ ᠠᠵᠢᠯ᠎ᠤᠨ ᠲᠥᠰᠦᠯ (ᠲᠤᠷᠰᠢᠨ ᠬᠡᠷᠡᠭᠵᠢᠭᠦᠯᠬᠦ)》᠎ᠢ ᠵᠡᠷᠭᠡᠪᠡᠷ ᠳᠠᠷᠤᠮᠠᠯᠯᠠᠨ ᠲᠠᠷᠬᠠᠭ᠋ᠠᠪᠠ᠃
      ᠠᠷᠭ᠎ᠠ᠎ᠳᠤ ᠲᠣᠳᠣᠷᠬᠠᠶ ᠲᠣᠭᠲᠠᠭ᠋ᠠᠭᠰᠠᠨ᠎ᠨᠢ᠂ ᠡᠯ᠎ᠡ ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠣᠶ ᠰᠢᠭᠤᠶ ᠵᠢᠨ ᠳᠠᠷᠤᠭ᠎ᠠ ᠵᠢᠨ ᠳᠦᠷᠢᠮ᠎ᠢ ᠰᠢᠮᠳᠠᠭᠤᠯᠤᠨ ᠪᠠᠶ᠋ᠢᠴᠠᠭ᠋ᠠᠵᠤ ᠬᠢᠨᠠᠨ ᠰᠢᠯᠭ᠋ᠠᠬᠤ ᠠᠵᠢᠯ᠎ᠢ ᠤᠯᠤᠰ᠎ᠤᠨ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠡᠭᠦᠨ᠎ᠤ ᠵᠣᠷᠢᠯᠭ᠎ᠠ᠎ᠨᠢ ᠡᠯ᠎ᠡ ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠦᠭᠵᠢᠬᠦᠯᠦᠯᠳᠡ ᠵᠢᠨ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠪᠦᠬᠦ ᠲᠠᠯ᠎ᠠ᠎ᠪᠠᠷ ᠦᠨᠡᠯᠡᠬᠦ᠎ᠪᠠᠷ ᠳᠡᠮᠵᠢᠨ᠂ ᠢᠯᠡᠷᠡᠭᠦᠯᠦᠭᠰᠡᠨ ᠳᠤᠪᠤᠢ᠍ᠢ᠍ᠮ᠎ᠠ ᠠᠰᠠᠭᠤᠳᠠᠯ᠎ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠬᠤ ᠵᠢᠨ ᠬᠠᠮᠲᠤ ᠱᠠᠯᠠᠪᠳᠠᠭᠤᠯᠤᠨ ᠭᠦᠢ᠍ᠴᠡᠳᠬᠡᠬᠦ᠎ᠪᠠᠨ ᠴᠢᠩᠭ᠋ᠠᠳᠬᠠᠵᠤ᠂ ᠡᠯ᠎ᠡ ᠮᠤᠵᠢ ᠵᠢᠨ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠨᠠᠮ᠎ᠤᠨ ᠬᠤᠷᠢᠶ᠎ᠠ ᠤᠳᠤᠷᠢᠳᠬᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠤᠷᠤᠨ᠎ᠤ᠎ᠬᠢᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠰᠤᠷᠪᠤᠯᠵᠢ᠎ᠠᠴᠠ᠎ᠨᠢ ᠵᠠᠰᠠᠬᠤ᠂ ᠪᠦᠬᠦ ᠣᠷᠣᠨ ᠪᠦᠰᠡ ᠵᠢ ᠬᠠᠮᠤᠷᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
      ᠣᠨ᠎ᠤ ᠬᠢᠨᠠᠨ ᠰᠢᠯᠭ᠋ᠠᠯᠲᠠ ᠵᠢ ᠵᠢᠯ᠎ᠳᠤ ᠨᠢᠭᠡ ᠤᠳᠠᠭ᠎ᠠ ᠦᠷᠨᠢᠬᠦᠯᠦᠨ᠎ᠡ᠂ ᠠᠭᠤᠯᠭ᠎ᠠ᠎ᠳᠤ᠄ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ᠂ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ᠂ ᠤᠯᠤᠰ᠎ᠤᠨ ᠴᠡᠴᠡᠷᠯᠢᠭ ᠵᠶ᠋ᠠᠷ ᠭᠣᠤᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮᠵᠢ ᠵᠢᠨ ᠪᠠᠶ᠋ᠢᠭᠤᠯᠤᠯᠲᠠ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ᠂ ᠣᠶ ᠰᠢᠭᠤᠶ ᠨᠤᠲᠤᠭ ᠪᠡᠯᠴᠢᠭᠡᠷ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ᠂ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠦᠭᠰᠡᠨ ᠪᠠᠢ᠌ᠳᠠᠯ ᠪᠠ ᠲᠣᠪᠣᠶ᠋ᠢᠮ᠎ᠠ ᠠᠵᠢᠯ᠎ᠤᠨ ᠦᠷ᠎ᠡ ᠪᠦᠲᠦᠮᠵᠢ ᠵᠡᠷᠭᠡ 7 ᠵᠦᠢ᠍ᠯ᠎ᠤᠨ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠭᠲᠠᠭ᠋ᠠᠨ᠎ᠠ᠂ ᠬᠢᠨᠠᠨ   ᠪᠠᠢ᠌ᠴᠠᠭ᠋ᠠᠯᠳᠠ᠎ᠪᠠᠷ ᠳᠠᠮᠵᠢᠭᠤᠯᠤᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠲᠠᠢ ᠤᠶᠠᠯᠳᠤᠭᠤᠯᠵᠤ᠂ ᠡᠯ᠎ᠡ ᠮᠤᠵᠢ᠎ᠳᠤ ᠶᠡᠷᠦᠩᠬᠡᠢ ᠬᠤᠪᠢ ᠣᠯᠭᠣᠨ᠎ᠠ᠃
      ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠢᠨᠠᠨ ᠰᠢᠯᠭ᠋ᠠᠯᠲᠠ ᠵᠢ 5 ᠵᠢᠯ᠎ᠳᠤ ᠨᠢᠭᠡ ᠤᠳᠠᠭ᠎ᠠ ᠶᠠᠪᠤᠭᠳᠠᠭᠤᠯᠤᠨ᠎ᠠ᠂ ᠠᠭᠤᠯᠭ᠎ᠠ᠎ᠳᠤ᠄ ᠤᠢ ᠰᠢᠭᠤᠢ ᠵᠢᠨ ᠪᠦᠷᠬᠦᠴᠡ ᠵᠢᠨ ᠨᠤᠷᠮ᠎ᠠ᠂ ᠤᠢ ᠰᠢᠭᠤᠢ ᠵᠢᠨ ᠬᠠᠳᠠᠭ᠋ᠠᠯᠠᠭᠳᠠᠴᠠ᠂ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ᠂ ᠡᠯᠡᠰᠦᠵᠢᠭᠰᠡᠨ ᠭᠠᠵᠠᠷ ᠰᠢᠷᠣᠢ ᠵᠢ ᠵᠠᠰᠠᠭᠰᠠᠨ ᠲᠠᠯᠠᠪᠠᠢ᠂ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠨᠤᠷᠮ᠎ᠠ ᠵᠡᠷᠭᠡ 5 ᠵᠦᠢ᠍ᠯ᠎ᠤᠨ ᠭᠦᠢ᠍ᠴᠡᠳᠬᠡᠯ ᠲᠣᠭ᠎ᠠ᠂ ᠴᠠᠭ ᠬᠤᠭᠤᠴᠠᠭ᠎ᠠ ᠵᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠎ᠠ᠎ᠲᠠᠢ ᠵᠣᠬᠢᠴᠠᠭᠤᠯᠵᠤ᠂ ᠲᠥᠯᠥᠪᠵᠢᠭᠦᠯᠭᠡ ᠵᠢᠨ ᠰᠡᠭᠦᠯᠴᠢ ᠬᠤᠭᠤᠴᠠᠭ᠋ᠠᠨ᠎ᠳᠤ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠶᠡᠷᠦᠩᠬᠡᠶ᠋ᠢᠯᠡᠭᠰᠡᠨ ᠬᠢᠨᠠᠨ ᠦᠨᠡᠯᠡᠯᠲᠡ ᠵᠡᠷᠭᠡ ᠦᠷ᠎ᠡ ᠪᠦᠲᠦᠭᠡᠯ᠎ᠢ ᠠᠰᠢᠭᠯᠠᠵᠤ᠂ ᠣᠨ᠎ᠤ ᠬᠢᠨᠠᠨ ᠰᠢᠯᠭ᠋ᠠᠯᠲᠠ ᠪᠠ ᠡᠯ᠎ᠡ ᠮᠤᠵᠢ ᠵᠢᠨ ᠬᠠᠷᠠᠯᠲᠠ ᠡᠭᠦᠷᠭᠡ᠎ᠲᠠᠢ ᠤᠶᠠᠯᠳᠤᠭᠤᠯᠵᠤ᠂   ᠦᠨᠡᠯᠡᠨ ᠲᠣᠭᠲᠠᠭ᠋ᠠᠨ᠎ᠠ᠃
    ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠪᠠᠶ᠋ᠢᠴᠠᠭ᠋ᠠᠵᠤ ᠬᠢᠨᠠᠨ ᠰᠢᠯᠭ᠋ᠠᠭᠰᠠᠨ ᠦᠷ᠎ᠡ ᠳ᠋ᠦᠩ᠎ᠢ ᠳᠠᠷᠠᠭ᠎ᠠ ᠵᠢᠯ᠎ᠤᠨ ᠬᠢᠨᠢ 3 ᠰᠠᠷ᠎ᠠ ᠵᠢᠨ ᠡᠬᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠳᠡᠪᠰᠢᠬᠦᠯᠦᠨ ᠮᠡᠳᠡᠭᠦᠯᠬᠦ ᠵᠢᠨ ᠬᠠᠮᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠲᠤ ᠮᠡᠳᠡᠬᠦᠯᠦᠨ᠂ ᠲᠡᠭᠦᠨ᠎ᠢ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠤᠳᠤᠷᠢᠳᠬᠤ ᠪᠠᠭ ᠪᠠ ᠬᠣᠯᠪᠣᠭᠳᠠᠯ ᠪᠥᠬᠥᠶ ᠤᠳᠤᠷᠢᠳᠬᠤ ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠲᠠ ᠵᠢ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠵᠤ᠂ ᠺᠠᠳ᠋ᠷ᠎ᠢ ᠬᠢᠨᠠᠨ ᠰᠢᠯᠭ᠋ᠠᠵᠤ ᠦᠨᠡᠯᠡᠬᠦ ᠪᠠ ᠲᠤᠰᠢᠶᠠᠯ᠎ᠠᠴᠠ ᠪᠠᠭᠤᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠢᠨᠠᠨ ᠪᠤᠳᠤᠬᠤ ᠴᠢᠬᠤᠯᠠ ᠦᠨᠳᠦᠰᠦᠯᠡᠯ ᠪᠤᠯᠭ᠋ᠠᠨ᠎ᠠ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠤᠢ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠠᠴᠠ ᠡᠮᠦᠨᠡᠬᠢ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠴᠢ ᠲᠤᠬᠠᠶ ᠵᠢᠨ ᠭᠠᠵᠠᠷ᠎ᠤᠨ ᠪᠠᠶ᠋ᠢᠴᠠᠭ᠋ᠠᠨ ᠰᠢᠯᠭ᠋ᠠᠬᠤ ᠠᠵᠢᠯ᠎ᠢ ᠶᠠᠪᠤᠭᠳᠠᠭᠤᠯᠬᠤ ᠲᠤᠬᠠᠶ ᠵᠠᠬᠢᠳᠠᠯ
ᠤᠢ ᠰᠢᠭᠤᠢ ᠲᠠᠯ᠎ᠠ ᠨᠤᠲᠤᠭ᠎ᠤᠨ ᠬᠡᠭᠡᠷ᠎ᠡ ᠵᠢᠨ ᠡᠮᠲᠦ ᠤᠷᠭᠤᠮᠠᠯ᠎ᠢ ᠮᠠᠯᠲᠠᠵᠤ ᠬᠤᠳᠠᠯᠳᠤᠭ᠋ᠠᠯᠠᠬᠤ ᠪᠠ ᠲᠡᠭᠡᠭᠡᠪᠦᠷᠢᠯᠡᠬᠦ ᠵᠢ ᠴᠢᠩᠭ᠎ᠠ ᠴᠠᠭ᠋ᠠᠵᠠᠯᠠᠬᠤ ᠲᠤᠬᠠᠢ ᠵᠠᠷᠯᠠᠯ (1 ᠳ᠋ᠦ᠍ᠭᠡᠷ ᠲᠤᠭ᠋ᠠᠲᠤ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠦᠴᠦᠨ ᠥᠬᠡᠶ ᠪᠣᠯᠭ᠋ᠠᠬᠤ ᠲᠤᠬᠠᠶ ᠠᠯᠪᠠᠨ ᠵᠠᠷ (2022 ᠣᠨ᠎ᠤ 1 - 6 ᠳ᠋ᠤᠭ᠋ᠠᠷ ᠰᠠᠷ᠎ᠠ)
ᠲᠣᠭᠣᠷᠢᠨ ᠪᠠᠶ᠋ᠢᠴᠠᠭ᠋ᠠᠬᠤ ᠠᠯᠪᠠᠨ ᠵᠠᠷ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠢ ᠰᠢᠭᠤᠶ ᠡᠪᠡᠰᠦᠨ᠎ᠤ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠰᠤᠭᠤᠴᠢᠨ ᠪᠠᠢ᠌ᠴᠠᠭ᠋ᠠᠯᠳᠠ ᠵᠢᠨ ᠦᠷ᠎ᠡ ᠳ᠋ᠦᠩ᠎ᠤᠨ ᠮᠡᠳᠡᠭᠳᠡᠯ᠎ᠤᠨ ᠪᠢᠴᠢᠭ
 
             蒙ICP备05000248号