ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠤᠢ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠠᠴᠠ ᠡᠮᠦᠨᠡᠬᠢ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠴᠢ ᠲᠤᠬᠠᠶ ᠵᠢᠨ ᠭᠠᠵᠠᠷ᠎ᠤᠨ ᠪᠠᠶ᠋ᠢᠴᠠᠭ᠋ᠠᠨ ᠰᠢᠯᠭ᠋ᠠᠬᠤ ᠠᠵᠢᠯ᠎ᠢ ᠶᠠᠪᠤᠭᠳᠠᠭᠤᠯᠬᠤ ᠲᠤᠬᠠᠶ ᠵᠠᠬᠢᠳᠠᠯ
ᠨᠡᠶ᠋ᠢᠲᠡᠯᠡᠭᠰᠡᠨ ᠴᠠᠭ᠄ 2022-03-15

   

            ᠥᠪᠥᠷ ᠤᠢ ᠪᠡᠯᠴᠢᠭᠡᠷ᠎ᠤᠨ ᠵᠠᠬᠢᠳᠠᠯ [2022] 59 ᠳ᠋ᠦ᠍ᠭᠡᠷ ᠲᠣᠭ᠋ᠠᠲᠤ
 

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠤᠢ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠠᠴᠠ ᠡᠮᠦᠨᠡᠬᠢ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠴᠢ ᠲᠤᠬᠠᠶ ᠵᠢᠨ ᠭᠠᠵᠠᠷ᠎ᠤᠨ ᠪᠠᠶ᠋ᠢᠴᠠᠭ᠋ᠠᠨ ᠰᠢᠯᠭ᠋ᠠᠬᠤ ᠠᠵᠢᠯ᠎ᠢ ᠶᠠᠪᠤᠭᠳᠠᠭᠤᠯᠬᠤ ᠲᠤᠬᠠᠶ ᠵᠠᠬᠢᠳᠠᠯ
   

ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠳᠤ᠄
     2022 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ 《ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠢ ᠵᠢᠩᠬᠢᠨᠢ᠎ᠪᠠᠷ ᠡᠬᠢᠯᠡᠨ ᠬᠡᠷᠡᠭᠵᠢᠬᠦᠯᠵᠦ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠢᠨᠠᠨ ᠤᠯᠭᠤᠬᠤ ᠤᠢ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠭᠣᠣᠯ ᠪᠣᠯᠬᠤ ᠤᠢ ᠮᠣᠳᠣᠨ᠎ᠤ ᠰᠢᠯᠢᠳᠡᠭ ᠡᠭᠦᠯᠳᠡᠷ᠎ᠤᠨ ᠦᠷ᠎ᠡ ᠴᠢᠬᠢ ᠪᠤᠢ᠌ᠵᠢᠭᠤᠯᠬᠤ ᠪᠦᠲᠦᠭᠡᠭᠳᠡᠬᠦᠨ ᠦᠢ᠍ᠯᠡᠳᠪᠦᠷᠢᠯᠡᠵᠦ ᠡᠵᠡᠩᠨᠡᠬᠦ᠂ ᠭᠣᠣᠯ ᠪᠣᠯᠬᠤ ᠡᠪᠡᠰᠦᠨ᠎ᠤ ᠦᠷ᠎ᠡ ᠵᠢᠨ ᠦᠢ᠍ᠯᠡᠳᠪᠦᠷᠢᠯᠡᠯ ᠡᠷᠬᠢᠯᠡᠬᠦ᠂ ᠭᠣᠣᠯ ᠪᠣᠯᠬᠤ ᠡᠪᠡᠰᠦᠨ᠎ᠤ ᠦᠷ᠎ᠡ ᠵᠢᠨ ᠡᠷᠯᠢᠰᠡᠵᠢᠭᠦᠯᠦᠭᠰᠡᠨ ᠦᠷ᠎ᠡ ᠬᠢᠭᠡᠳ ᠲᠡᠭᠦᠨ᠎ᠤ ᠡᠬᠡ ᠪᠦᠬᠦᠢ ᠦᠷ᠎ᠡ᠂ ᠡᠩ᠎ᠤᠨ ᠡᠬᠡ ᠪᠦᠬᠦᠢ ᠦᠷ᠎ᠡ ᠡᠵᠡᠩᠨᠡᠬᠦ ᠵᠡᠷᠭᠡ ᠵᠢ ᠪᠠᠭᠲᠠᠭ᠋ᠠᠨ᠎ᠠ)᠎ᠢ ᠬᠢᠨᠠᠨ ᠵᠥᠪᠰᠢᠶᠡᠷᠡᠬᠦ᠎ᠳᠤ ᠲᠤᠬᠠᠶ ᠵᠢᠨ ᠲᠠᠯᠠᠪᠠᠢ ᠵᠢᠨ ᠪᠠᠶ᠋ᠢᠴᠠᠭ᠋ᠠᠨ ᠰᠢᠯᠭ᠋ᠠᠯᠲᠠ ᠬᠢᠨ᠎ᠡ᠃ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠪᠠ ᠬᠢᠨᠠᠨ ᠵᠥᠪᠰᠢᠶᠡᠷᠡᠬᠦ ᠭᠠᠷ ᠬᠦᠢ᠍ᠴᠡᠳᠬᠡᠯ᠎ᠤᠨ ᠴᠠᠭ ᠬᠤᠭᠤᠴᠠᠭ᠎ᠠ ᠵᠢ ᠪᠤᠭᠤᠨᠢᠰᠬᠠᠨ᠂ ᠭᠤᠶᠤᠴᠢᠯᠠᠭᠴᠢ ᠵᠢᠨ ᠪᠠᠢ᠌ᠭ᠎ᠠ ᠭᠠᠵᠠᠷ ᠤᠷᠤᠨ᠎ᠳᠤ ᠭᠦᠢ᠍ᠴᠡᠳᠬᠡᠬᠦ ᠵᠡᠷᠭᠡ᠎ᠳᠤ ᠲᠥᠭᠥᠮ ᠦᠵᠡᠭᠦᠯᠬᠦ ᠵᠢᠨ ᠲᠤᠰᠠᠳᠠ᠂ ᠬᠠᠷᠢᠶ᠎ᠠ ᠤᠷᠤᠨ᠎ᠳᠤᠨᠢ ᠬᠠᠮᠢᠶᠠᠷᠤᠭᠤᠯᠬᠤ ᠵᠠᠷᠴᠢᠮ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠡᠯ᠎ᠡ ᠬᠣᠰᠢᠭᠤ ᠰᠢᠶᠠᠨ ᠲᠣᠭᠣᠷᠢᠭ᠎ᠤᠨ ᠤᠢ ᠰᠢᠭᠤᠶ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠠᠶ᠋ᠢᠳᠠᠵᠤ᠂ ᠤᠢ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠬᠢᠨᠠᠨ ᠣᠯᠭᠣᠬᠤ ᠠᠩᠬ᠎ᠠ ᠠᠯᠬᠤᠮ᠎ᠤᠨ ᠬᠢᠨᠠᠨ ᠪᠠᠢ᠌ᠴᠠᠭ᠋ᠠᠯᠳᠠ ᠵᠢᠴᠢ ᠲᠤᠬᠠᠶ ᠵᠢᠨ ᠲᠠᠯᠠᠪᠠᠢ ᠵᠢᠨ ᠪᠠᠶ᠋ᠢᠴᠠᠭ᠋ᠠᠨ ᠰᠢᠯᠭ᠋ᠠᠬᠤ ᠠᠵᠢᠯ᠎ᠢ ᠶᠠᠪᠤᠭᠳᠠᠭᠤᠯᠬᠤ ᠵᠢ ᠬᠠᠷᠢᠴᠠᠭᠤᠯᠤᠨ᠎ᠠ᠃ ᠡᠯ᠎ᠡ ᠠᠶ᠋ᠢᠮᠠᠭ ᠬᠣᠲᠠ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠡᠯ᠎ᠡ ᠬᠣᠰᠢᠭᠤ ᠰᠢᠶᠠᠨ ᠲᠣᠭᠣᠷᠢᠭ᠎ᠲᠤ ᠮᠡᠳᠡᠭᠳᠡᠵᠦ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠴᠢ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠯᠳᠠ ᠵᠢ ᠰᠠᠶ᠋ᠢᠲᠤᠷ ᠬᠢᠬᠦ ᠬᠡᠷᠡᠭᠲᠡᠶ᠃ ᠪᠣᠳᠠᠲᠠᠶ ᠵᠦᠢ᠍ᠯᠡᠰ᠎ᠢ ᠳᠠᠭ᠋ᠠᠯᠳᠤᠭᠤᠯᠤᠯ᠎ᠳᠤ ᠦᠵᠡᠭᠡᠷᠡᠢ᠃
   

      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠠᠴᠠ ᠡᠮᠦᠨᠡᠬᠢ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠴᠢ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠬᠤ ᠠᠵᠢᠯ᠎ᠤᠨ ᠠᠩᠬᠠᠷᠠᠬᠤ ᠵᠦᠢ᠍ᠯ
   
     (ᠬᠠᠷᠢᠯᠴᠠᠬᠤ ᠬᠥᠮᠦᠨ᠄   ᠬᠦᠷᠡᠯ᠂ 18947966567)
   
                     

                      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                      ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ
                              2022 ᠣᠨ᠎ᠤ 3 ᠰᠠᠷ᠎ᠠ ᠵᠢᠨ 8᠎ᠤ ᠡᠳᠦᠷ
   

ᠳᠠᠭ᠋ᠠᠯᠳᠤᠭᠤᠯᠤᠯ᠄
   

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠠᠴᠠ ᠡᠮᠦᠨᠡᠬᠢ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠴᠢ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠬᠤ ᠠᠵᠢᠯ᠎ᠤᠨ ᠠᠩᠬᠠᠷᠠᠬᠤ ᠵᠦᠢ᠍ᠯ
   

      ᠨᠢᠭᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠳᠠ ᠵᠢᠨ ᠵᠥᠪᠰᠢᠶᠡᠷᠡᠯ᠎ᠤᠨ ᠦᠨᠡᠮᠯᠡᠯ ᠭᠤᠶᠤᠴᠢᠯᠠᠭᠴᠢ ᠭᠤᠶᠤᠴᠢᠯᠠᠬᠤ ᠮᠠᠲ᠋ᠧᠷᠢᠶᠠᠯ ᠵᠶ᠋ᠠᠨ ᠪᠡᠯᠡᠳᠬᠡᠭᠰᠡᠨ᠎ᠤ ᠳᠠᠷᠠᠭ᠎ᠠ᠂ ᠲᠤᠬᠠᠢ ᠵᠢᠨ ᠭᠠᠵᠠᠷ᠎ᠤᠨ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠴᠦ ᠪᠠᠶ᠋ᠢᠴᠠᠭ᠋ᠠᠨ ᠰᠢᠯᠭ᠋ᠠᠭᠤᠯᠬᠤ ᠭᠤᠶᠤᠴᠢᠯᠠᠯ ᠵᠶ᠋ᠠᠨ ᠲᠤᠷᠠᠳᠤᠨ᠎ᠠ᠃ ᠲᠤᠬᠠᠢ ᠵᠢᠨ ᠭᠠᠵᠠᠷ᠎ᠤᠨ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ 5 ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠭᠰᠠᠨ ᠮᠠᠲ᠋ᠧᠷᠢᠶᠠᠯ᠎ᠳᠤ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠬᠢᠨ᠎ᠠ᠃
      ᠬᠣᠶᠠᠷ᠂ ᠭᠤᠶᠤᠴᠢᠯᠠᠨ ᠮᠡᠳᠡᠭᠦᠯᠦᠭᠰᠡᠨ ᠮᠠᠲᠸᠷᠢᠶᠠᠯ᠎ᠨᠢ ᠬᠢᠨᠠᠨ ᠪᠠᠶ᠋ᠢᠴᠠᠭ᠋ᠠᠬᠤ ᠱᠠᠭ᠋ᠠᠷᠳᠠᠯᠭ᠎ᠠ᠎ᠳᠤ ᠨᠡᠶ᠋ᠢᠴᠡᠵᠦ ᠪᠠᠶ᠋ᠢᠪᠠᠯ᠂ ᠬᠣᠰᠢᠭᠤ ᠰᠢᠶᠠᠨ ᠲᠣᠭᠣᠷᠢᠭ᠎ᠤᠨ ᠤᠢ ᠰᠢᠭᠤᠶ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ 10 ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠭᠴᠢ ᠵᠢᠨ ᠡᠵᠡᠩᠨᠡᠯᠲᠡ ᠵᠢᠨ ᠲᠠᠯᠠᠪᠤᠷ᠂ ᠦᠢ᠍ᠯᠡᠳᠬᠡᠯ᠎ᠤᠨ ᠭᠠᠵᠠᠷ ᠤᠷᠤᠨ᠎ᠳᠤ ᠲᠤᠬᠠᠶ ᠵᠢᠨ ᠲᠠᠯᠠᠪᠠᠢ ᠵᠢᠨ ᠪᠠᠶ᠋ᠢᠴᠠᠭ᠋ᠠᠨ ᠰᠢᠯᠭ᠋ᠠᠯᠲᠠ ᠬᠢᠵᠦ᠂ ᠲᠤᠬᠠᠶ ᠵᠢᠨ ᠲᠠᠯᠠᠪᠠᠢ ᠵᠢᠨ ᠪᠠᠶ᠋ᠢᠳᠠᠯ ᠬᠢᠭᠡᠳ ᠭᠤᠶᠤᠴᠢᠯᠠᠨ ᠮᠡᠳᠡᠬᠦᠯᠦᠭᠰᠡᠨ ᠮᠠᠲᠸᠷᠢᠶᠠᠯ᠎ᠨᠢ ᠨᠢᠭᠡᠳᠦᠯᠲᠡᠶ ᠪᠠᠶ᠋ᠢᠬᠤ ᠵᠢ ᠱᠠᠭ᠋ᠠᠷᠳᠠᠨ᠎ᠠ᠃
      ᠭᠤᠷᠪᠠ᠂ ᠬᠡᠷᠪᠡ ᠭᠤᠶᠤᠴᠢᠯᠠᠨ ᠮᠡᠳᠡᠬᠦᠯᠦᠭᠰᠡᠨ ᠮᠠᠲᠸᠷᠢᠶᠠᠯ᠎ᠨᠢ ᠬᠢᠨᠠᠨ ᠪᠠᠶ᠋ᠢᠴᠠᠭ᠋ᠠᠯᠭ᠋ᠠᠬᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠤᠶᠤ ᠲᠤᠬᠠᠢ ᠵᠢᠨ ᠲᠠᠯᠠᠪᠠᠢ ᠵᠢᠨ ᠬᠢᠨᠠᠨ ᠪᠠᠢ᠌ᠴᠠᠭ᠋ᠠᠭᠰᠠᠨ ᠪᠠᠢ᠌ᠳᠠᠯ᠎ᠨᠢ ᠭᠤᠶᠤᠴᠢᠯᠠᠨ ᠮᠡᠳᠡᠬᠦᠯᠦᠭᠰᠡᠨ ᠮᠠᠲᠸᠷᠢᠶᠠᠯ᠎ᠲᠠᠢ᠎ᠪᠠᠨ ᠨᠢᠭᠡᠳᠦᠯ ᠦᠭᠡᠢ ᠪᠣᠯ᠂ ᠨᠥᠬᠥᠪᠥᠷᠢᠯᠡᠨ ᠵᠠᠯᠠᠷᠠᠭᠤᠯᠬᠤ ᠵᠢ ᠭᠤᠶᠤᠴᠢᠯᠠᠭᠴᠢ᠎ᠳᠤ ᠮᠡᠳᠡᠭᠳᠡᠨ᠎ᠡ᠃ ᠬᠡᠷᠪᠡ ᠨᠥᠬᠥᠪᠥᠷᠢᠯᠡᠨ ᠵᠠᠯᠠᠷᠠᠭᠤᠯᠤᠭᠰᠠᠨ ᠮᠠᠲᠸᠷᠢᠶᠠᠯ᠎ᠢ ᠲᠤᠰᠢᠶᠠᠬᠤ ᠵᠢᠨ ᠠᠷᠭ᠎ᠠ ᠥᠭᠡᠢ ᠪᠤᠶᠤ ᠬᠢᠨᠠᠨ ᠪᠠᠶ᠋ᠢᠴᠠᠭ᠋ᠠᠭ᠋ᠠᠳ ᠪᠠᠲᠤᠯᠠᠬᠤ ᠵᠢᠨ ᠠᠷᠭ᠎ᠠ ᠥᠭᠡᠢ ᠪᠣᠯ ᠪᠢᠴᠢᠭ᠎ᠤᠨ ᠬᠡᠯᠪᠡᠷᠢ᠎ᠪᠠᠷ ᠮᠡᠳᠡᠭᠳᠡᠬᠦ ᠵᠢᠨ ᠬᠠᠮᠲᠤ ᠭᠤᠶᠤᠴᠢᠯᠠᠭᠰᠠᠨ ᠮᠠᠲᠸᠷᠢᠶᠠᠯ᠎ᠢ᠎ᠨᠢ ᠪᠤᠴᠠᠭ᠋ᠠᠵᠤ ᠬᠥᠯᠢᠶᠡᠨ ᠠᠪᠴᠤ ᠰᠢᠢ᠍ᠳᠪᠦᠷᠢᠯᠡᠬᠦ ᠥᠭᠡᠢ ᠪᠠᠢ᠌ᠬᠤ ᠬᠡᠷᠡᠭᠳᠡᠢ᠃
      ᠳᠥᠷᠪᠡ᠂ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ᠂ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠦᠨᠳᠦᠰᠦᠯᠡᠨ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠭᠠᠷᠭ᠋ᠠᠵᠤ᠂ ᠠᠯᠪᠠᠨ ᠶᠣᠰᠣᠨ᠎ᠤ ᠪᠢᠴᠢᠭ ᠮᠠᠲ᠋ᠧᠷᠢᠶᠠᠯ ᠥᠬᠡᠶ᠎ᠪᠠᠷ ᠠᠯᠪᠠᠨ ᠲᠠᠮᠠᠭ᠎ᠠ ᠳᠠᠷᠤᠪᠠᠯ ᠪᠣᠯᠴᠢᠬᠠᠨ᠎ᠠ᠃ ᠲᠤᠬᠠᠶ ᠵᠢᠨ ᠲᠠᠯᠠᠪᠠᠢ ᠵᠢᠨ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ᠎ᠳᠤ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠪᠠ ᠲᠤᠬᠠᠶ ᠵᠢᠨ ᠲᠠᠯᠠᠪᠠᠢ ᠵᠢᠨ ᠪᠣᠳᠠᠲᠠᠶ ᠪᠠᠶ᠋ᠢᠳᠠᠯ ᠨᠢᠭᠡᠳᠦᠯᠲᠡᠶ ᠪᠠᠶ᠋ᠢᠬᠤ ᠡᠰᠡᠬᠦ ᠵᠢ ᠲᠤᠳᠤᠷᠬᠠᠢ᠌ᠯᠠᠨ᠎ᠠ᠂ ᠬᠡᠷᠪᠡ ᠦᠷ᠎ᠡ ᠵᠢᠨ ᠦᠢ᠍ᠯᠡᠳᠪᠦᠷᠢᠯᠡᠯ᠎ᠳᠤ ᠬᠣᠯᠪᠣᠭᠳᠠᠭᠰᠠᠨ ᠪᠠᠶ᠋ᠢᠪᠠᠯ᠂ ᠲᠤᠬᠠᠶ ᠵᠢᠨ ᠲᠠᠯᠠᠪᠠᠢ ᠵᠢᠨ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ᠎ᠳᠤ ᠪᠠᠰᠠ ᠲᠤᠤᠷᠠᠬᠢ ᠪᠠᠢ᠌ᠳᠠᠯ᠎ᠢ ᠲᠣᠳᠣᠷᠬᠠᠶ᠋ᠢᠯᠠᠬᠤ ᠴᠢᠬᠤᠯᠠᠳᠠᠢ᠄

     1   ᠦᠷ᠎ᠡ ᠬᠠᠳᠡᠭ᠋ᠠᠬᠤ ᠲᠠᠯᠠᠪᠤᠷ ᠪᠠᠢ᠌ᠬᠤ ᠬᠡᠷᠡᠭᠳᠡᠢ;
     2 ᠦᠷ᠎ᠡ ᠵᠢᠨ ᠦᠢ᠍ᠯᠡᠳᠭᠡᠯ᠎ᠤᠨ ᠭᠠᠵᠠᠷ᠎ᠨᠢ ᠦᠷ᠎ᠡ ᠪᠤᠢ᠌ᠵᠢᠭᠤᠯᠬᠤ ᠲᠤᠰᠭ᠋ᠠᠷᠯᠠᠯᠳᠠ ᠪᠠ ᠪᠣᠶ᠋ᠢᠵᠢᠭᠤᠯᠬᠤ ᠨᠥᠬᠥᠴᠡᠯ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠳᠡᠢ;
     3 ᠦᠷ᠎ᠡ ᠵᠢᠨ ᠦᠢ᠍ᠯᠡᠳᠭᠡᠯ᠎ᠤᠨ ᠭᠠᠵᠠᠷ᠎ᠲᠤ ᠬᠢᠵᠢᠭ᠎ᠤᠨ ᠴᠢᠨᠠᠷᠲᠠᠶ ᠬᠦᠨᠦᠭᠡᠯᠳᠤ ᠠᠮᠢᠳᠤ ᠪᠣᠳᠠᠰ ᠪᠠᠶ᠋ᠢᠬᠤ ᠦᠭᠡᠢ ᠮᠥᠷᠲᠡᠭᠡᠨ ᠲᠠᠷᠢᠶᠠᠨ ᠭᠠᠵᠠᠷ᠎ᠲᠤ ᠲᠣᠭ᠋ᠠᠴᠠᠭᠳᠠᠬᠤ ᠦᠭᠡᠢ ᠪᠠᠢ᠌ᠬᠤ ᠬᠡᠷᠡᠭᠳᠡᠢ᠂ ᠡᠰᠡᠬᠦᠯ᠎ᠡ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠨᠤᠲᠤᠭ ᠪᠡᠯᠴᠢᠭᠡᠷ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠦᠷ᠎ᠡ   ᠪᠤᠢ᠌ᠵᠢᠭᠤᠯᠬᠤ ᠤᠢ᠎ᠳᠤ ᠲᠤᠭ᠋ᠠᠴᠠᠭᠳᠠᠬᠤ ᠬᠡᠷᠡᠭᠳᠡᠢ᠃
      ᠲᠠᠪᠤ᠂ ᠲᠤᠬᠠᠶ ᠵᠢᠨ ᠲᠠᠯᠠᠪᠠᠶ ᠵᠢᠨ ᠪᠥᠬᠥ ᠪᠠᠶ᠋ᠢᠴᠠᠭ᠋ᠠᠨ ᠰᠢᠯᠭ᠋ᠠᠯᠲᠠ ᠵᠢ ᠳᠠᠭᠤᠰᠬᠠᠭᠰᠠᠨ᠎ᠤ ᠳᠠᠷᠠᠭ᠎ᠠ᠂ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ᠎ᠲᠠᠢ ᠤᠶᠠᠯᠳᠤᠭᠤᠯᠤᠨ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠭᠠᠷᠭ᠋ᠠᠵᠤ ᠥᠭᠭᠦᠨ᠎ᠡ᠂ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠷ ᠵᠢᠩᠬᠢᠨᠢ ᠪᠢᠴᠢᠭ ᠮᠠᠲ᠋ᠧᠷᠢᠶᠠᠯ ᠪᠣᠯᠭ᠋ᠠᠵᠤ᠂ ᠠᠭᠤᠯᠭ᠎ᠠ᠎ᠳᠤ   ᠭᠤᠶᠤᠴᠢᠯᠠᠭᠴᠢ ᠵᠢᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠨᠢ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠳᠠ ᠵᠢᠨ ᠵᠥᠪᠰᠢᠶᠡᠷᠡᠯ᠎ᠤᠨ ᠦᠨᠡᠮᠯᠡᠯ ᠣᠯᠭᠣᠬᠤ ᠨᠥᠬᠥᠴᠡᠯ᠎ᠳᠤ ᠨᠡᠶ᠋ᠢᠴᠡᠬᠦ ᠡᠰᠡᠬᠦ ᠵᠢ ᠲᠣᠳᠣᠷᠬᠠᠶ᠋ᠢᠯᠠᠬᠤ ᠬᠡᠷᠡᠭᠲᠡᠶ᠃
      ᠵᠢᠷᠭᠤᠭ᠎ᠠ᠂ ᠭᠤᠶᠤᠴᠢᠯᠠᠭᠰᠠᠨ ᠨᠢᠭᠡᠴᠡ ᠵᠢᠨ ᠡᠵᠡᠩᠨᠡᠯᠲᠡ ᠵᠢᠨ ᠬᠠᠶᠢᠭ ᠪᠤᠶᠤ ᠨᠢᠭᠡ ᠪᠤᠶᠤ ᠬᠡᠳᠦᠨ ᠦᠢ᠍ᠯᠡᠳᠬᠡᠯ᠎ᠤᠨ ᠭᠠᠵᠠᠷ᠎ᠨᠢ ᠭᠤᠶᠤᠴᠢᠯᠠᠭᠴᠢ ᠵᠢᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠬᠡᠪᠴᠢᠶᠡᠨ᠎ᠠᠴᠠ ᠭᠠᠳᠠᠨ᠎ᠠ ᠪᠠᠶ᠋ᠢᠪᠠᠯ᠂   ᠪᠠᠢ᠌ᠭ᠎ᠠ ᠭᠠᠵᠠᠷ᠎ᠤᠨ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠶᠤᠴᠢᠯᠠᠭᠰᠠᠨ ᠨᠢᠭᠡᠴᠡ ᠵᠢᠨ ᠡᠵᠡᠩᠨᠡᠯᠲᠡ ᠵᠢᠨ ᠬᠠᠶᠢᠭ ᠪᠤᠶᠤ ᠦᠢ᠍ᠯᠡᠳᠬᠡᠯ᠎ᠤᠨ ᠭᠠᠵᠠᠷ᠎ᠤᠨ ᠬᠠᠷᠢᠶ᠎ᠠ ᠬᠣᠰᠢᠭᠤ ᠰᠢᠶᠠᠨ ᠲᠣᠭᠣᠷᠢᠭ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠪᠦᠷᠢ᠎ᠳᠤ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠭᠠᠷᠭ᠋ᠠᠬᠤ ᠵᠢ ᠮᠡᠳᠡᠭᠳᠡᠬᠦ ᠵᠢᠨ ᠬᠠᠮᠲᠤ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠵᠡᠷᠭᠡ᠎ᠳᠤᠨᠢ ᠬᠦᠷᠭᠡᠵᠦ᠂ ᠮᠡᠳᠡᠭᠳᠡᠯ ᠤᠯᠤᠭᠰᠠᠨ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ 10 ᠠᠵᠢᠯᠯᠠᠬᠤ ᠡᠳᠦᠷ᠎ᠤᠨ ᠳᠣᠲᠣᠷ᠎ᠠ ᠬᠠᠷᠢᠭᠤ ᠮᠡᠳᠡᠭᠦᠯᠬᠦ ᠬᠡᠷᠡᠭᠲᠡᠶ᠃ ᠭᠤᠶᠤᠴᠢᠯᠠᠭᠴᠢ ᠵᠢᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠦᠨᠳᠦᠰᠦᠯᠡᠨ᠂ ᠬᠢᠨᠠᠨ ᠪᠠᠶ᠋ᠢᠴᠠᠭ᠋ᠠᠭᠰᠠᠨ ᠰᠠᠨᠠᠯ᠎ᠢ ᠭᠠᠷᠭ᠋ᠠᠬᠤ ᠬᠡᠷᠡᠭᠲᠡᠶ᠃
      ᠳᠣᠯᠣᠭ᠎ᠠ᠂ ᠬᠢᠨᠠᠨ ᠪᠠᠶ᠋ᠢᠴᠠᠭ᠋ᠠᠭᠰᠠᠨ ᠰᠠᠨᠠᠯ᠂ ᠲᠤᠬᠠᠶ ᠵᠢᠨ ᠲᠠᠯᠠᠪᠠᠢ ᠵᠢᠨ ᠬᠠᠷᠭᠤᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ᠂ ᠪᠦᠬᠦ ᠭᠤᠶᠤᠴᠢᠯᠠᠨ ᠮᠡᠳᠡᠬᠦᠯᠦᠭᠰᠡᠨ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ 13 ᠳ᠋ᠤᠭ᠋ᠠᠷ ᠳᠠᠪᠬᠤᠷ᠎ᠲᠤ ᠮᠡᠳᠡᠭᠦᠯᠦᠨ ᠬᠦᠷᠭᠡᠵᠦ᠂ ᠭᠥᠯᠢᠶᠡᠨ ᠠᠪᠴᠤ   ᠰᠢᠢ᠍ᠳᠪᠦᠷᠢᠯᠡᠬᠦᠯᠦᠨ᠎ᠡ᠃ (ᠰᠢᠦᠳᠠᠨ ᠵᠶ᠋ᠠᠷ ᠢᠯᠡᠭᠡᠬᠦ ᠬᠠᠶᠢᠭ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ 13 ᠳ᠋ᠤᠭ᠋ᠠᠷ ᠳᠠᠪᠬᠤᠷ᠂ ᠤᠲᠠᠰᠤ᠄ 0471-5332463  )
   
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠢ ᠰᠢᠭᠤᠢ ᠲᠠᠯ᠎ᠠ ᠨᠤᠲᠤᠭ᠎ᠤᠨ ᠬᠡᠭᠡᠷ᠎ᠡ ᠵᠢᠨ ᠡᠮᠲᠦ ᠤᠷᠭᠤᠮᠠᠯ᠎ᠢ ᠮᠠᠯᠲᠠᠵᠤ ᠬᠤᠳᠠᠯᠳᠤᠭ᠋ᠠᠯᠠᠬᠤ ᠪᠠ ᠲᠡᠭᠡᠭᠡᠪᠦᠷᠢᠯᠡᠬᠦ ᠵᠢ ᠴᠢᠩᠭ᠎ᠠ ᠴᠠᠭ᠋ᠠᠵᠠᠯᠠᠬᠤ ᠲᠤᠬᠠᠢ ᠵᠠᠷᠯᠠᠯ (1 ᠳ᠋ᠦ᠍ᠭᠡᠷ ᠲᠤᠭ᠋ᠠᠲᠤ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠦᠴᠦᠨ ᠥᠬᠡᠶ ᠪᠣᠯᠭ᠋ᠠᠬᠤ ᠲᠤᠬᠠᠶ ᠠᠯᠪᠠᠨ ᠵᠠᠷ (2022 ᠣᠨ᠎ᠤ 1 - 6 ᠳ᠋ᠤᠭ᠋ᠠᠷ ᠰᠠᠷ᠎ᠠ)
ᠲᠣᠭᠣᠷᠢᠨ ᠪᠠᠶ᠋ᠢᠴᠠᠭ᠋ᠠᠬᠤ ᠠᠯᠪᠠᠨ ᠵᠠᠷ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠢ ᠰᠢᠭᠤᠶ ᠡᠪᠡᠰᠦᠨ᠎ᠤ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠰᠤᠭᠤᠴᠢᠨ ᠪᠠᠢ᠌ᠴᠠᠭ᠋ᠠᠯᠳᠠ ᠵᠢᠨ ᠦᠷ᠎ᠡ ᠳ᠋ᠦᠩ᠎ᠤᠨ ᠮᠡᠳᠡᠭᠳᠡᠯ᠎ᠤᠨ ᠪᠢᠴᠢᠭ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠲᠤᠯᠠᠭᠰᠠᠨ ᠡᠪᠡᠰᠦᠨ᠎ᠤ ᠡᠭᠦᠯᠳᠡᠷ᠎ᠤᠨ ᠨᠠᠷᠡᠰ᠎ᠤᠨ ᠵᠢᠭᠰᠠᠭ᠋ᠠᠯᠲᠠ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
 
             蒙ICP备05000248号