《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠲᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠶ᠋ᠢᠴᠠᠭ᠋ᠠᠬᠤ ᠠᠵᠢᠯ᠎ᠤᠨ ᠲᠦᠷᠢᠮ》᠎ᠤᠨ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠯᠲᠡᠢ ᠪᠠᠶ᠋ᠢᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠢ᠍ᠮᠠᠳᠤᠭ᠋ᠠᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ 2022 ᠣᠨ᠎ᠤ 7 ᠰᠠᠷ᠎ᠠ ᠵᠢᠨ 15᠎ᠤ ᠡᠳᠦᠷ᠎ᠠᠴᠠ 9 ᠰᠠᠷ᠎ᠠ ᠵᠢᠨ 15᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠳᠤ ᠪᠠᠶ᠋ᠢᠩᠭᠤ ᠵᠢᠨ ᠲᠣᠭᠣᠷᠢᠨ ᠪᠠᠶ᠋ᠢᠴᠠᠭ᠋ᠠᠯᠲᠠ ᠦᠷᠨᠢᠬᠦᠯᠦᠨ᠎ᠡ᠃
ᠲᠣᠭᠣᠷᠢᠨ ᠪᠠᠶ᠋ᠢᠴᠠᠭ᠋ᠠᠬᠤ ᠬᠤᠭᠤᠴᠠᠭ᠋ᠠᠨ᠎ᠳᠤ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠨᠠᠮ᠎ᠤᠨ ᠤᠨᠤᠯ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠣᠭᠣᠷᠢᠨ᠎ᠳᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠲᠣᠭᠣᠷᠢᠨ ᠪᠠᠶ᠋ᠢᠴᠠᠭ᠋ᠠᠬᠤ ᠪᠠ ᠬᠢᠨᠠᠨ ᠪᠤᠳᠤᠬᠤ ᠵᠡᠷᠭᠡ ᠬᠢᠨᠠᠯᠲᠠ ᠵᠢ ᠨᠠᠶ᠋ᠢᠳᠠᠪᠤᠷᠢᠵᠢᠭᠤᠯᠵᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠡᠷᠭᠡ ᠲᠠᠯ᠎ᠠ᠎ᠪᠠᠷ ᠬᠢᠨᠠᠯᠲᠠ ᠲᠠᠯᠪᠢᠨ᠎ᠠ᠂ ᠭᠤᠤᠯᠳᠠᠭᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠬᠦᠨ᠂ ᠳᠤᠤᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠭᠤᠤᠯ ᠬᠠᠷᠢᠭᠤᠴᠠᠯᠭ᠋ᠠᠲᠠᠨ ᠪᠠ ᠴᠢᠬᠤᠯᠠ ᠠᠵᠢᠯ᠎ᠤᠨ ᠪᠠᠶ᠋ᠢᠷᠢ ᠵᠢᠨ ᠤᠳᠤᠷᠢᠳᠬᠤ ᠺᠠᠳ᠋ᠷ᠎ᠤᠨ ᠠᠰᠠᠭᠤᠳᠠᠯ᠎ᠤᠨ ᠲᠤᠬᠠᠶ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠤᠨ᠎ᠠ᠃ ᠭᠤᠤᠯᠳᠠᠯᠭ᠎ᠠ᠎ᠨᠢ ᠤᠯᠤᠰ ᠲᠥᠷᠥ ᠵᠢᠨ ᠰᠠᠬᠢᠯᠭ᠎ᠠ ᠪᠠᠲᠤ᠂ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠵᠢᠨ ᠰᠠᠬᠢᠯᠭ᠎ᠠ ᠪᠠᠲᠤ᠂ ᠤᠯᠡᠠ ᠲᠦᠮᠡᠨ᠎ᠤ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ ᠪᠠ ᠠᠮᠢᠳᠤᠷᠠᠯ᠎ᠤᠨ ᠰᠠᠬᠢᠯᠭ᠎ᠠ ᠪᠠᠲᠤ ᠵᠢ ᠵᠦᠷᠢᠴᠡᠭᠰᠡᠨ ᠲᠠᠯ᠎ᠠ᠎ᠪᠠᠷ᠎ᠬᠢ ᠢᠯᠡᠴᠢᠯᠡᠨ ᠮᠡᠳᠡᠭᠦᠯᠦᠯᠲᠡ ᠪᠠ ᠲᠤᠰᠬᠠᠯ ᠵᠢ ᠬᠦᠯᠢᠶᠠᠨ ᠠᠪᠤᠨ᠎ᠠ᠃ ᠲᠣᠭᠣᠷᠢᠨ ᠪᠠᠶ᠋ᠢᠴᠠᠭ᠋ᠠᠵᠤ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠦᠯᠦ ᠪᠠᠭᠲᠠᠬᠤ ᠪᠤᠰᠤᠳ ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠳᠤ ᠲᠤᠰᠢᠶᠠᠵᠤ ᠨᠠᠷᠢᠨ ᠬᠢᠨᠠᠮᠠᠭ᠋ᠠᠢ ᠰᠢᠢ᠍ᠳᠪᠦᠷᠢᠯᠡᠭᠦᠯᠦᠨ᠎ᠡ᠃
ᠲᠣᠭᠣᠷᠢᠨ ᠪᠠᠶ᠋ᠢᠴᠠᠭ᠋ᠠᠬᠤ ᠬᠤᠭᠤᠴᠠᠭ᠋ᠠᠨ᠎ᠳᠤ᠂ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ ᠲᠤᠰᠬᠠᠢ ᠵᠢᠵᠢᠭᠦᠷᠯᠡᠬᠦ ᠤᠲᠠᠰᠤ ᠲᠤᠬᠢᠷᠠᠭᠤᠯᠪᠠ᠄ 0471 - 6606570
ᠡᠳᠦᠷ ᠪᠦᠷᠢ ᠵᠢᠨ ᠬᠦᠯᠢᠶᠡᠨ ᠠᠪᠴᠤ ᠰᠢᠢ᠍ᠳᠪᠦᠷᠢᠯᠡᠬᠦ ᠴᠠᠭ᠄ 8᠄ 00᠎ᠠᠴᠠ 18᠄ 00;
ᠰᠢᠦᠳᠠᠨ ᠬᠠᠶ᠋ᠢᠷᠴᠠᠭ᠄ ᠥᠪᠥᠷ ᠮᠣᠩᠭᠣᠯ᠎ᠤᠨ ᠬᠥᠬᠡᠬᠣᠲᠠ A 914 ᠰᠢᠦᠳᠠᠨ ᠬᠠᠶ᠋ᠢᠷᠴᠠᠭ;
ᠢᠮᠧᠯ᠄ zzqdbxsz 1 @ 163 . com
ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠦᠯᠢᠶᠡᠨ ᠠᠪᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 60 ᠳ᠋ᠤᠭ᠋ᠠᠷ ᠨᠣᠮᠧᠷᠲᠤ ᠵᠢᠨ ᠰᠦᠢ ᠲᠣᠮᠣ ᠪᠠᠭᠤᠳᠠᠯ᠂ 204 ᠲᠠᠰᠤᠭ
ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠠᠯᠪᠠᠨ ᠠᠰᠠᠷ᠎ᠤᠨ ᠡᠭᠦᠳᠡᠨ᠎ᠤ ᠵᠡᠭᠦᠨ ᠲᠠᠯ᠎ᠠ
ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 288 ᠳ᠋ᠤᠭ᠋ᠠᠷ ᠨᠣᠮᠧᠷᠲᠤ ᠥᠪᠥᠷ ᠮᠣᠩᠭᠣᠯ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠪᠠᠷᠠᠭᠤᠨ ᠲᠠᠯ᠎ᠠ ᠵᠢᠨ ᠬᠦᠷᠢᠶ᠎ᠡ 2 ᠳ᠋ᠤᠭ᠋ᠠᠷ ᠨᠣᠮᠧᠷᠲᠤ ᠠᠰᠠᠷ᠎ᠤᠨ ᠵᠡᠭᠦᠨ ᠬᠡᠷᠡᠮ᠎ᠤᠨ ᠡᠮᠦᠨ᠎ᠡ ᠲᠠᠯ᠎ᠠ
ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 60 ᠳ᠋ᠤᠭ᠋ᠠᠷ ᠨᠣᠮᠧᠷᠲᠤ ᠵᠢᠨ ᠰᠦᠶ ᠲᠣᠮᠣ ᠪᠠᠭᠤᠳᠠᠯ᠎ᠤᠨ ᠭᠤᠤᠯ ᠡᠭᠦᠳᠡᠨ᠎ᠤ ᠡᠮᠦᠨ᠎ᠡ ᠲᠠᠯ᠎ᠠ᠎ᠳᠤ ᠬᠠᠷᠢᠯᠴᠠᠬᠤ ᠵᠠᠬᠢᠳᠠᠯ᠎ᠤᠨ ᠬᠠᠶ᠋ᠢᠷᠴᠠᠭ
ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ ᠴᠠᠭ 2022 ᠣᠨ᠎ᠤ 9 ᠰᠠᠷ᠎ᠠ ᠵᠢᠨ 10᠎ᠤ ᠡᠳᠦᠷ
ᠥᠷᠭᠡᠨ ᠤᠯᠠᠨ ᠺᠠᠳ᠋ᠷ ᠤᠯᠠᠨ ᠲᠦᠮᠡᠨ᠎ᠤ ᠵᠠᠬᠢᠳᠠᠯ᠂ ᠤᠲᠠᠰᠤ᠂ ᠰᠤᠷᠪᠤᠯᠵᠢᠯᠠᠭ᠎ᠠ ᠵᠡᠷᠭᠡ ᠠᠷᠭ᠎ᠠ ᠬᠡᠯᠪᠡᠷᠢ᠎ᠪᠠᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠳᠤ ᠪᠠᠶ᠋ᠢᠳᠠᠯ᠎ᠢ ᠦᠨᠡᠨ ᠮᠥᠨ ᠵᠶ᠋ᠠᠷ᠎ᠨᠢ ᠲᠤᠰᠬᠠᠬᠤ ᠵᠢ ᠪᠠᠶᠠᠷᠯᠠᠨ ᠤᠭᠲᠤᠨ᠎ᠠ᠃