《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ》 ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠵᠢ ᠴᠢᠩᠭ᠋ᠠᠳᠬᠠᠨ᠂ ᠪᠥᠬᠥ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠨ ᠬᠠᠮᠢᠶᠠᠷᠬᠤ ᠣᠷᠣᠨ ᠨᠤᠲᠤᠭ᠎ᠤᠨ ᠬᠠᠤᠯᠢ ᠲᠣᠭᠲᠠᠭ᠋ᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠤᠰᠠᠳᠠ᠂ ᠮᠠᠨ᠎ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠠᠤᠯᠢ ᠲᠣᠭᠲᠠᠭ᠋ᠠᠬᠤ ᠲᠥᠯᠥᠪᠵᠢᠭᠦᠯᠭᠡ ᠶᠣᠰᠣᠭ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠲᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠥᠷᠨᠢᠭᠦᠯᠵᠦ᠂ ᠣᠳᠣᠬᠠᠨ᠎ᠳᠤ ᠨᠢᠭᠡᠨᠲᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠲᠦᠷᠢᠮ᠎ᠳᠤ ᠵᠠᠰᠠᠪᠤᠷᠢ ᠣᠷᠣᠭᠤᠯᠬᠤ ᠲᠥᠰᠦᠯ᠎ᠤᠨ ᠰᠠᠨᠠᠯ ᠬᠤᠷᠢᠶᠠᠬᠤ ᠨᠤᠤᠷᠠᠭ》 (《ᠲᠦᠷᠢᠮ᠎ᠳᠤ ᠵᠠᠰᠠᠪᠤᠷᠢ ᠣᠷᠣᠭᠤᠯᠬᠤ ᠲᠥᠰᠦᠯ》 ᠭᠡᠵᠦ ᠲᠣᠪᠴᠢᠯᠠᠨ᠎ᠠ)᠎ᠢ ᠲᠤᠭᠤᠷᠪᠢᠪᠠ᠃ ᠣᠳᠣ 《ᠳᠦᠷᠢᠮ᠎ᠳᠤ ᠵᠠᠰᠠᠪᠤᠷᠢ ᠣᠷᠣᠭᠤᠯᠬᠤ ᠲᠥᠰᠦᠯ》᠎ᠤᠨ ᠲᠤᠬᠠᠶ ᠥᠷᠭᠡᠨ ᠣᠯᠠᠨ ᠲᠦᠮᠡᠨ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠰᠠᠨᠠᠯ ᠪᠣᠯᠤᠨ ᠰᠠᠨᠠᠭᠤᠯᠭ᠎ᠠ ᠵᠢ ᠢᠯᠡ᠎ᠪᠠᠷ ᠬᠤᠷᠢᠶᠠᠨ᠎ᠠ᠃ 12 ᠰᠠᠷ᠎ᠠ ᠵᠢᠨ 16᠎ᠤ ᠡᠳᠦᠷ᠎ᠠᠴᠠ ᠡᠮᠦᠨ᠎ᠡ ᠰᠠᠨᠠᠯ ᠪᠠ ᠰᠠᠨᠠᠭᠤᠯᠭ᠎ᠠ᠎ᠪᠠᠨ ᠵᠠᠬᠢᠳᠠᠯ ᠪᠤᠶᠤ ᠢᠮᠸᠯ ᠂ ᠹᠠᠺᠰ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠴᠢᠭᠢᠭᠯᠢᠭ ᠭᠠᠵᠠᠷ ᠪᠠ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠭᠠᠵᠠᠷ᠎ᠲᠤ ᠬᠠᠷᠢᠭᠤ ᠲᠤᠰᠬᠠᠬᠤ ᠪᠣᠯᠪᠠᠤ᠃
ᠬᠠᠷᠢᠯᠴᠠᠬᠤ ᠬᠥᠮᠦᠨ : ᠴᠢᠶᠣᠤ ᠯᠧᠢ
ᠬᠠᠷᠢᠯᠴᠠᠬᠤ ᠬᠠᠶᠢᠭ : ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ᠂
ᠰᠢᠤᠳᠠᠨ ᠨᠣᠮᠧᠷ : 010010
ᠹᠠᠺᠰ : 0471—380388
ᠰᠢᠤᠳᠠᠨ ᠬᠠᠶ᠋ᠢᠷᠴᠠᠭ :sdysdzhwbh@163.com
ᠬᠠᠷᠢᠯᠴᠠᠬᠤ ᠤᠲᠠᠰᠤ : 0471—3380388
ᠪᠢᠳᠡᠨ᠎ᠤ ᠠᠵᠢᠯ᠎ᠳᠤ ᠳᠡᠮᠵᠢᠯᠭᠡ ᠦᠵᠡᠭᠦᠯᠦᠭᠰᠡᠨ᠎ᠳᠤ ᠪᠠᠶᠠᠷᠯᠠᠯ᠎ᠠ!
ᠳᠠᠭ᠋ᠠᠯᠳᠤᠭᠤᠯᠤᠯ : ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠲᠦᠷᠢᠮ (ᠵᠠᠰᠠᠪᠤᠷᠢ ᠣᠷᠣᠭᠤᠯᠬᠤ ᠲᠥᠰᠦᠯ᠎ᠤᠨ ᠰᠠᠨᠠᠯ ᠬᠤᠷᠢᠶᠠᠬᠤ ᠨᠤᠤᠷᠠᠭ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
2023 ᠣᠨ᠎ᠤ 11 ᠰᠠᠷ᠎ᠠ ᠵᠢᠨ 15᠎ᠤ ᠡᠳᠦᠷ