ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠣᠶ ᠰᠢᠭᠤᠶ ᠡᠪᠡᠰᠦᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠳᠤ ᠰᠤᠭᠤᠴᠢᠨ ᠪᠠᠢ᠌ᠴᠠᠭ᠋ᠠᠯᠳᠠ ᠬᠢᠭᠰᠡᠨ ᠦᠷ᠎ᠡ ᠳ᠋ᠦᠩ᠎ᠢ ᠮᠡᠳᠡᠭᠳᠡᠬᠦ ᠪᠢᠴᠢᠭ
ᠨᠡᠶ᠋ᠢᠲᠡᠯᠡᠭᠰᠡᠨ ᠴᠠᠭ᠄ 2023-11-08

ᠲᠦᠩᠯᠢᠶᠣᠤ ᠬᠣᠲᠠ ᠵᠢᠨ ᠴᠠᠩ ᠴᠢᠩ ᠲᠢᠶᠠᠨ ᡁᠢ ᠮᠠᠯᠵᠢᠯ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠳᠤ᠄ 
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠤᠭᠤᠴᠢᠨ ᠪᠠᠢ᠌ᠴᠠᠭ᠋ᠠᠭᠰᠠᠨ ᠮᠡᠳᠡᠭᠳᠡᠯ᠎ᠤᠨ ᠪᠢᠴᠢᠭ》 ᠶᠣᠰᠣᠭ᠋ᠠᠷ᠂ ᠮᠠᠨ᠎ᠤ ᠲᠣᠪᠴᠢᠶ᠎ᠠ᠎ᠠᠴᠠ ᠰᠣᠩᠭᠣᠨ ᠲᠣᠮᠢᠯᠠᠭᠰᠠᠨ ᠠᠵᠢᠯᠲᠠᠨ 2023 ᠣᠨ᠎ᠤ 10 ᠰᠠᠷ᠎ᠠ ᠵᠢᠨ 23᠎ᠤ ᠡᠳᠦᠷ ᠲᠠᠨ᠎ᠤ ᠨᠢᠭᠡᠴᠢ ᠵᠢᠨ ᠡᠵᠡᠩᠨᠡᠯᠲᠡ ᠵᠢᠨ ᠭᠠᠵᠠᠷ ᠵᠡᠷᠭᠡ᠎ᠳᠤ ᠲᠤᠬᠠᠶ ᠵᠢᠨ ᠭᠠᠵᠠᠷ᠎ᠤᠨ ᠬᠢᠨᠠᠯᠲᠠ ᠪᠠᠶ᠋ᠢᠴᠠᠭ᠋ᠠᠯᠲᠠ ᠬᠢᠪᠠ᠃ ᠲᠠᠨ᠎ᠤ ᠺᠣᠮᠫᠠᠨᠢ ᠵᠢᠨ ᠡᠵᠡᠩᠨᠡᠯᠲᠡ ᠵᠢᠨ ᠲᠠᠯᠠᠪᠤᠷ᠂ ᠲᠣᠨᠣᠭ ᠲᠥᠬᠥᠭᠡᠷᠦᠮᠵᠢ᠂ ᠳᠠᠩᠰᠠ ᠡᠪᠬᠡᠮᠡᠯ᠂ ᠦᠷ᠎ᠡ ᠵᠢᠨ ᠶᠠᠰᠤ ᠴᠢᠨᠠᠷ ᠵᠡᠷᠭᠡ ᠪᠠᠶ᠋ᠢᠳᠠᠯ᠎ᠢ ᠭᠤᠤᠯᠳᠠᠯᠭ᠎ᠠ᠎ᠲᠠᠢ ᠪᠠᠶ᠋ᠢᠴᠠᠭ᠋ᠠᠪᠠ᠃ ᠪᠠᠢ᠌ᠴᠠᠭ᠋ᠠᠭᠰᠠᠨ ᠳ᠋ᠦᠩ᠎ᠳᠤ ᠳᠣᠣᠷᠠᠬᠢ ᠮᠡᠲᠦ ᠠᠰᠠᠭᠤᠳᠠᠯ ᠣᠷᠣᠰᠢᠵᠤ ᠪᠠᠶ᠋ᠢᠨ᠎ᠠ᠄
      ᠣᠶ᠋ᠢᠷ᠎ᠠ ᠵᠢᠨ ᠬᠣᠶᠠᠷ ᠵᠢᠯ᠎ᠤᠨ ᠡᠵᠡᠩᠨᠡᠯᠲᠡ ᠵᠢᠨ ᠳᠠᠩᠰᠠ ᠡᠪᠬᠡᠮᠡᠯ᠎ᠢ ᠪᠠᠢ᠌ᠴᠠᠭ᠋ᠠᠬᠤ ᠶᠠᠪᠤᠴᠠ᠎ᠳᠤ᠂ ᠵᠥᠪᠰᠢᠶᠡᠷᠡᠯ᠎ᠤᠨ ᠦᠨᠡᠮᠯᠡᠯ᠎ᠳᠤ ᠲᠣᠭᠲᠠᠭ᠋ᠠᠭᠰᠠᠨ ᠦᠢ᠍ᠯᠡᠳᠪᠦᠷᠢᠯᠡᠯ ᠡᠵᠡᠩᠨᠡᠯᠲᠡ ᠵᠢᠨ ᠲᠥᠷᠥᠯ ᠵᠦᠢ᠍ᠯ᠎ᠤᠨ ᠬᠡᠪᠴᠢᠶ᠎ᠡ᠎ᠠᠴᠠ ᠳᠠᠪᠠᠭᠤᠯᠤᠨ ᠡᠵᠡᠩᠨᠡᠵᠦ ᠪᠠᠶ᠋ᠢᠭ᠎ᠠ ᠪᠠᠶ᠋ᠢᠳᠠᠯ ᠣᠷᠣᠰᠢᠵᠤ ᠪᠠᠶ᠋ᠢᠬᠤ ᠵᠢ ᠣᠯᠵᠤ ᠮᠡᠳᠡᠪᠡ᠃ ᠲᠠᠨ᠎ᠤ ᠺᠣᠮᠫᠠᠨᠢ ᠵᠥᠪᠰᠢᠶᠡᠷᠡᠯ᠎ᠤᠨ ᠦᠨᠡᠮᠯᠡᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠲᠦᠷᠦᠯ ᠵᠦᠢ᠍ᠯ ᠳᠡᠭᠡᠷ᠎ᠡ ᠲᠣᠳᠣᠷᠬᠠᠢ ᠲᠡᠮᠳᠡᠭᠯᠡᠭᠰᠡᠨ 《ᠡᠪᠡᠰᠦᠨ ᠦᠷ᠎ᠡ》 ᠵᠢᠨ ᠲᠤᠬᠠᠢ ᠣᠶ᠋ᠢᠯᠠᠭ᠋ᠠᠯᠲᠠ ᠬᠦᠢ᠍ᠴᠡᠳ ᠪᠤᠰᠤ ᠪᠠᠢ᠌ᠵᠤ᠂  ᠲᠦᠷᠦᠯ ᠵᠦᠢ᠍ᠯ᠎ᠤᠨ ᠬᠡᠪᠴᠢᠶ᠎ᠡ᠎ᠠᠴᠠ ᠬᠡᠲᠦᠷᠡᠭᠦᠯᠦᠨ ᠡᠵᠡᠩᠨᠡᠵᠦ ᠪᠠᠢ᠌ᠭ᠎ᠠ ᠪᠠᠢ᠌ᠳᠠᠯ ᠡᠭᠦᠰᠦᠭᠰᠡᠨ ᠪᠠᠶ᠋ᠢᠨ᠎ᠠ᠃ ᠲᠠᠨ᠎ᠤ ᠺᠣᠮᠫᠠᠨᠢ ᠳᠠᠷᠤᠶ ᠲᠦᠷᠭᠡᠨ ᠴᠡᠭᠴᠡᠯᠡᠨ ᠰᠠᠶ᠋ᠢᠵᠢᠷᠠᠭᠤᠯᠵᠤ᠂ ᠲᠤᠬᠠᠶ᠋ᠢᠯᠠᠭᠰᠠᠨ ᠠᠵᠢᠯ᠎ᠤᠨ ᠥᠷᠭᠡᠳᠬᠡᠬᠦ ᠬᠡᠪᠴᠢᠶᠡᠨ᠎ᠤ ᠬᠡᠷᠡᠭᠴᠡᠭᠡ᠎ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠶ ᠰᠢᠭᠤᠶ ᠡᠪᠡᠰᠦᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠨ ᠬᠤᠪᠢᠷᠠᠭᠤᠯᠵᠤ᠂ ᠦᠢ᠍ᠯᠡᠳᠪᠦᠷᠢᠯᠡᠵᠦ ᠡᠵᠡᠩᠨᠡᠬᠦ ᠲᠥᠷᠥᠯ ᠵᠦᠢ᠍ᠯ᠎ᠢ ᠨᠡᠮᠡᠭᠳᠡᠭᠦᠯᠬᠦ ᠵᠢ ᠰᠠᠨᠠᠭᠤᠯᠵᠤ ᠪᠠᠶ᠋ᠢᠨ᠎ᠠ᠃ ᠲᠣᠰ ᠮᠡᠳᠡᠭᠳᠡᠯ᠎ᠤᠨ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠴᠡᠭᠴᠡᠯᠡᠨ ᠵᠠᠰᠠᠵᠤ ᠳᠠᠭᠤᠰᠬᠠᠬᠤ ᠵᠢᠨ ᠬᠠᠮᠲᠤ ᠴᠡᠭᠴᠡᠯᠡᠨ ᠵᠠᠰᠠᠭᠰᠠᠨ ᠮᠡᠳᠡᠭᠦᠯᠦᠯᠲᠡ᠎ᠪᠠᠨ ᠮᠠᠨ᠎ᠤ ᠲᠣᠪᠴᠢᠶ᠎ᠠ᠎ᠳᠤ ᠮᠡᠳᠡᠭᠦᠯᠦᠨ ᠬᠦᠷᠭᠡᠭᠡᠷᠡᠶ᠃ ᠬᠡᠷᠪᠡ ᠤᠨᠳᠤᠤ ᠰᠠᠨᠠᠯ᠎ᠲᠠᠢ ᠪᠣᠯ᠂ ᠲᠣᠰ ᠮᠡᠳᠡᠭᠳᠡᠬᠦ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ᠂ ᠮᠠᠨ᠎ᠤ ᠲᠣᠪᠴᠢᠶ᠎ᠠ᠎ᠳᠤ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠭ᠋ᠠᠷᠠᠶ᠃
   


                     2023 ᠣᠨ᠎ᠤ 11 ᠰᠠᠷ᠎ᠠ ᠵᠢᠨ 3᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠲᠦᠷᠢᠮ (ᠵᠠᠰᠠᠪᠤᠷᠢ ᠣᠷᠣᠭᠤᠯᠬᠤ ᠲᠥᠰᠦᠯ᠎ᠤᠨ ᠰᠠᠨᠠᠯ ᠬᠤᠷᠢᠶᠠᠬᠤ ᠨᠤᠤᠷᠠᠭ)》᠎ᠤᠨ ᠰᠠᠨᠠᠯ ᠬᠤᠷᠢᠶᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠤᠨ ᠬᠢᠨᠠᠨ ᠲᠤᠭᠲᠠᠭ᠋ᠠᠯᠲᠠ ᠵᠢᠨ ᠠᠩᠬ᠎ᠠ ᠬᠢᠨᠠᠭᠰᠠᠨ ᠦᠷ᠎ᠡ ᠳ᠋ᠦᠩ᠎ᠤᠨ ᠵᠠᠷ
ᠥᠪᠥᠷ ᠮᠣᠩᠭᠣᠯ 2024 ᠣᠨ᠎ᠤ 1 ᠳ᠋ᠦ᠍ᠭᠡᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠮᠠᠨ᠎ᠤ ᠣᠷᠣᠨ᠎ᠤ 1 ᠬᠤᠪᠢ ᠬᠥᠮᠦᠨ ᠪᠠ 1 ᠪᠦᠯᠬᠦᠮ ᠨᠡᠶ᠋ᠢᠲᠡ ᠲᠠᠪᠤᠳᠤᠭ᠋ᠠᠷ ᠪᠦᠯᠦᠭ᠎ᠤᠨ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠴᠢᠳᠠᠪᠤᠷᠢᠲᠠᠨ ᠪᠠ ᠪᠦᠯᠬᠦᠮ ᠵᠶ᠋ᠡᠷ ᠰᠣᠩᠭᠣᠭᠳᠠᠪᠠ
ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠭᠯᠠᠨ ᠰᠢᠨᠵᠢᠬᠦ ᠥᠷᠲᠡᠭᠡ ᠵᠢᠨ ᠨᠡᠷᠡᠰ᠎ᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠲᠤᠬᠠᠶ ᠵᠠᠷᠯᠠᠯ
 
             蒙ICP备05000248号