ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠣᠶ᠋ᠢᠲᠤ ᠭᠠᠵᠠᠷ ᠨᠤᠲᠤᠭ ᠪᠡᠯᠴᠢᠭᠡᠷ᠎ᠢ ᠬᠡᠷᠡᠭᠯᠡᠬᠦ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠨᠢᠭᠡᠴᠡ᠎ᠳᠤ ᠥᠭᠭᠦᠭᠰᠡᠨ ᠵᠠᠬᠢᠳᠠᠯ
ᠨᠡᠶ᠋ᠢᠲᠡᠯᠡᠭᠰᠡᠨ ᠴᠠᠭ᠄ 2023-03-17

ᠬᠦᠨᠳᠦᠲᠦ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠨᠢᠭᠡᠴᠡ ᠵᠢᠨ ᠬᠠᠷᠢᠭᠤᠴᠠᠯᠭ᠋ᠠᠳᠠᠨ ᠲᠠᠨ᠎ᠠ᠄

      ᠰᠠᠶ᠋ᠢᠨ ᠪᠠᠢ᠌ᠨ᠎ᠠ ᠤᠤ! ᠡᠩ ᠲᠡᠷᠢᠭᠦᠨ᠎ᠳᠤ᠂ ᠣᠷᠳᠣ ᠬᠤᠭᠤᠴᠠᠭ᠋ᠠᠨ᠎ᠤ ᠲᠤᠷᠰᠢ ᠮᠠᠨ᠎ᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠬᠠᠮᠵᠢᠯᠴᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠦᠭᠰᠡᠨ ᠴᠢᠬᠤᠯᠠ ᠶᠡᠬᠡ ᠬᠤᠪᠢ ᠨᠡᠮᠡᠷᠢ᠎ᠳᠤ ᠴᠢᠨᠢ ᠲᠠᠯᠠᠷᠬᠠᠵᠤ ᠪᠠᠶ᠋ᠢᠨ᠎ᠠ!
      ᠥᠪᠥᠷ ᠮᠣᠩᠭᠣᠯ ᠪᠣᠯ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠮᠥᠨ᠂ ᠮᠠᠨ᠎ᠤ ᠤᠯᠤᠰ᠎ᠤᠨ ᠤᠢ ᠰᠢᠭᠤᠢ᠂ ᠨᠤᠲᠤᠭ ᠪᠡᠯᠴᠢᠭᠡᠷ᠎ᠤᠨ ᠡᠬᠢ ᠪᠠᠶᠠᠯᠢᠭ ᠡᠯᠪᠡᠭ ᠮᠤᠵᠢ ᠣᠷᠣᠨ᠎ᠤ ᠨᠢᠭᠡ ᠪᠣᠯᠤᠨ᠎ᠠ᠃ ᠤᠢ᠍ᠢ᠍ᠷ᠎ᠠ ᠵᠢᠨ ᠵᠢᠯ᠎ᠠᠴᠠ᠂ ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠬᠤᠷᠢᠶ᠎ᠡ᠂ ᠵᠠᠰᠠᠭ᠎ᠤᠨ ᠣᠷᠳᠣᠨ ᠪᠣᠯᠤᠨ ᠤᠢ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠵᠤ᠂ ᠪᠥᠬᠥ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠶᠡᠬᠡ ᠲᠠᠯ᠎ᠠ ᠵᠢ ᠪᠣᠳᠣᠯᠬᠢᠯᠠᠨ᠂ ᠠᠮᠢ ᠠᠬᠤᠶ ᠵᠢᠨ ᠬᠠᠮᠠᠭ᠋ᠠᠯᠠᠯᠲᠠ ᠪᠠ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠠᠭ᠋ᠠᠯᠠᠬᠤ ᠵᠢᠨ ᠳᠤᠮᠳᠠ ᠠᠰᠢᠭᠯᠠᠬᠤ᠂ ᠠᠰᠢᠭᠯᠠᠬᠤ ᠵᠢᠨ ᠳᠤᠮᠳᠠ ᠬᠠᠮᠠᠭ᠋ᠠᠯᠠᠬᠤ ᠵᠢ ᠪᠠᠷᠢᠮᠲᠠᠯᠠᠵᠤ᠂ ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠴᠢᠬᠤᠯᠠ ᠶᠡᠬᠡ ᠠᠮᠵᠢᠯᠲᠠ ᠪᠦᠲᠦᠮᠵᠢ ᠠᠪᠴᠢᠷᠠᠪᠠ᠂ ᠡᠨᠡ᠎ᠨᠢ ᠮᠥᠨ ᠴᠦ᠍ ᠡᠯ᠎ᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠨᠢᠭᠡᠴᠡ ᠵᠢᠨ ᠬᠦᠴᠦᠲᠡᠶ ᠳᠡᠮᠵᠢᠯᠭᠡ ᠪᠠ ᠬᠠᠮᠵᠢᠯᠴᠠᠭ᠎ᠠ ᠵᠢᠨ ᠠᠴᠢ ᠲᠤᠰᠠ ᠪᠣᠯᠤᠨ᠎ᠠ!
      ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ᠂ ᠵᠠᠰᠠᠭ᠎ᠤᠨ ᠣᠷᠳᠣᠨ ᠶᠡᠷᠦᠩᠬᠡᠢ ᠱᠦᠵᠢ ᠰᠢ ᠵᠢᠨ ᠫᠢᠩ᠎ᠤ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠬᠤ ᠵᠡᠷᠭᠡ ᠲᠠᠪᠤᠨ ᠶᠡᠬᠡ ᠡᠭᠦᠷᠭᠡ ᠵᠢ ᠭᠣᠣᠯᠳᠠᠯᠭ᠎ᠠ ᠵᠢᠨ ᠭᠣᠣᠯᠳᠠᠯᠭ᠎ᠠ᠎ᠳᠤ ᠲᠠᠯᠪᠢᠵᠤ᠂ ᠠᠮᠵᠢᠯᠲᠠ ᠪᠦᠲᠦᠮᠵᠢ ᠭᠠᠷᠭ᠋ᠠᠭᠰᠠᠨ ᠪᠠᠶ᠋ᠢᠨ᠎ᠠ᠃ ᠲᠠᠪᠤᠨ ᠶᠡᠬᠡ ᠡᠭᠦᠷᠭᠡ ᠵᠢ ᠰᠠᠶ᠋ᠢᠲᠤᠷ ᠪᠡᠶᠡᠯᠡᠭᠦᠯᠵᠦ᠂ ᠮᠠᠨ᠎ᠤ ᠣᠷᠣᠨ᠎ᠤ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠣᠯ ᠮᠠᠨ᠎ᠤ ᠣᠷᠣᠨ᠎ᠤ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠮᠥᠨ᠂ ᠨᠠᠩ ᠴᠤ᠌ ᠲᠠᠨ᠎ᠤ ᠨᠢᠭᠡᠴᠡ ᠵᠢᠨ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠨ ᠪᠥᠲᠥᠭᠡᠨ ᠪᠠᠶ᠋ᠢᠭᠤᠯᠬᠤ᠎ᠳᠤ ᠲᠦᠰᠢᠭᠯᠡᠨ᠎ᠡ᠃ ᠮᠠᠨ᠎ᠤ ᠣᠷᠣᠨ᠎ᠤ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠬᠠᠮᠠᠭ᠋ᠠᠯᠠᠬᠤ ᠪᠠ ᠠᠰᠢᠭᠯᠠᠬᠤ ᠵᠢᠨ ᠬᠠᠷᠢᠴᠠᠭ᠎ᠠ ᠵᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠵᠥᠪ ᠵᠶ᠋ᠠᠷ ᠰᠢᠢ᠍ᠳᠪᠦᠷᠢᠯᠡᠵᠦ᠂ ᠮᠠᠨ᠎ᠤ ᠣᠷᠣᠨ᠎ᠤ ᠡᠯ᠎ᠡ ᠲᠥᠷᠥᠯ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠥᠷᠭᠡᠨ ᠠᠭᠤᠳᠠᠮ ᠬᠥᠭᠵᠢᠯᠲᠡ ᠵᠢᠨ ᠣᠷᠣᠨ ᠵᠠᠶ ᠬᠠᠩᠭ᠋ᠠᠵᠤ᠂ ᠤᠷᠢᠳᠴᠢᠯᠠᠭᠰᠠᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠲᠥᠷᠥᠯ ᠵᠦᠢ᠍ᠯ᠎ᠤᠨ ᠭᠠᠵᠠᠷ ᠰᠣᠩᠭᠣᠬᠤ ᠱᠠᠲᠤᠨ᠎ᠳᠤ ᠡᠮᠦᠨᠡᠬᠢ ᠬᠤᠭᠤᠴᠠᠭ᠋ᠠᠨ᠎ᠤ ᠵᠢᠯᠣᠭᠣᠳᠣᠯᠭ᠎ᠠ ᠬᠢᠵᠦ᠂ ᠬᠠᠤᠯᠢ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠬᠢᠨᠠᠨ ᠵᠥᠪᠰᠢᠶᠡᠷᠡᠬᠦ ᠠᠬᠢᠴᠠ ᠵᠢ ᠲᠦᠷᠭᠡᠳᠬᠡᠨ᠂ ᠮᠡᠳᠡᠭᠦᠯᠬᠦ ᠬᠢᠨᠠᠬᠤ ᠵᠦᠪᠰᠢᠶᠡᠷᠡᠬᠦ ᠵᠢ ᠲᠦᠷᠬᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠷᠥᠯ ᠵᠦᠢ᠍ᠯ᠎ᠤᠨ ᠴᠢᠬᠤᠯᠠ ᠨᠥᠬᠥᠴᠡᠯ᠎ᠨᠢ ᠪᠦᠷᠢᠨ ᠬᠦᠢ᠍ᠴᠡᠳ ᠪᠠᠶ᠋ᠢᠪᠠᠯ᠂ 10 ᠠᠵᠢᠯᠯᠠᠬᠤ ᠡᠳᠦᠷ᠎ᠤᠨ ᠳᠣᠲᠣᠷ᠎ᠠ ᠲᠠᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠭᠠᠷ ᠬᠦᠢ᠍ᠴᠡᠳᠬᠡᠯ᠎ᠢ ᠬᠦᠢ᠍ᠴᠡᠳᠬᠡᠬᠦ᠎ᠳᠤ ᠪᠡᠯᠡᠭᠡᠨ ᠪᠤᠢ᠃ ᠬᠠᠮᠢᠶ᠎ᠠ ᠪᠦᠬᠦᠢ ᠴᠢᠬᠣᠯᠠ ᠨᠥᠬᠥᠴᠡᠯ ᠳᠤᠲᠠᠭᠳᠠᠵᠤ ᠪᠠᠶ᠋ᠢᠪᠠᠯ᠂ ᠲᠠᠷᠤᠢ᠌ᠬᠠᠨ ᠲᠠᠨ᠎ᠳᠤ ᠮᠡᠳᠡᠭᠳᠡᠵᠦ᠂ ᠲᠠᠨ᠎ᠤ ᠨᠥᠬᠥᠪᠥᠷᠢᠯᠡᠨ ᠵᠠᠯᠠᠷᠠᠭᠤᠯᠬᠤ᠎ᠳᠤ ᠲᠥᠬᠥᠮ ᠪᠣᠯᠭ᠋ᠠᠨ᠎ᠠ᠃
      ᠬᠡᠷᠪᠡ ᠲᠠ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠲᠠᠯ᠎ᠠ ᠵᠢᠨ ᠲᠥᠷᠥ ᠵᠢᠨ ᠪᠣᠳᠣᠯᠭ᠎ᠠ᠎ᠳᠤ ᠬᠣᠯᠪᠣᠭᠳᠠᠭᠰᠠᠨ ᠯᠠᠪᠯᠠᠭ᠎ᠠ ᠠᠪᠬᠤ ᠴᠢᠬᠤᠯᠠᠲᠠᠶ ᠪᠣᠯ᠂ ᠴᠠᠭ ᠲᠤᠬᠠᠶ᠎ᠳᠤᠨᠢ ᠮᠠᠨ᠎ᠤ ᠣᠷᠣᠨ᠎ᠤ ᠡᠯ᠎ᠡ ᠱᠠᠲᠤᠨ᠎ᠤ ᠣᠶ ᠰᠢᠭᠤᠶ   ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠲᠠᠢ ᠬᠠᠷᠢᠯᠴᠠᠭ᠋ᠠᠷᠠᠶ᠂ ᠪᠢᠳᠡ ᠳᠠᠷᠤᠢ᠌ᠬᠠᠨ ᠲᠠᠨ᠎ᠤ ᠮᠠᠳᠠᠭ᠎ᠲᠠᠢ ᠠᠰᠠᠭᠤᠳᠠᠯ᠎ᠢ ᠰᠢᠢ᠍ᠳᠪᠦᠷᠢᠯᠡᠵᠦ ᠥᠭᠭᠦᠨ᠎ᠡ᠃
      ᠥᠪᠡᠷᠲᠡᠭᠡᠨ ᠵᠠᠰᠠᠬᠤ ᠣᠷᠣᠨ᠎ᠤ ᠣᠶ᠋ᠢᠲᠤ ᠭᠠᠵᠠᠷ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠯᠠᠪᠯᠠᠯᠭ᠎ᠠ ᠵᠢᠨ ᠤᠲᠠᠰᠤ᠄ 0471 — 3381404
      ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠯᠠᠪᠯᠠᠯᠭ᠎ᠠ ᠵᠢᠨ ᠤᠲᠠᠰᠤ᠄ 0471 — 3380407
      ᠠᠶ᠋ᠢᠮᠠᠭ ᠬᠣᠲᠠ ᠵᠢᠨ ᠣᠶ᠋ᠢᠲᠤ ᠭᠠᠵᠠᠷ ᠨᠤᠲᠤᠭ ᠪᠡᠯᠴᠢᠭᠡᠷ᠎ᠢ ᠬᠢᠨᠠᠨ ᠵᠥᠪᠰᠢᠶᠡᠷᠡᠬᠦ ᠯᠠᠪᠯᠠᠯᠭ᠎ᠠ ᠵᠢᠨ ᠤᠲᠠᠰᠤ ᠵᠢ ᠳᠠᠭ᠋ᠠᠯᠳᠤᠭᠤᠯᠤᠯ ᠬᠦᠰᠦᠨᠦᠭᠲᠦ᠎ᠳᠤ ᠦᠵᠡᠭᠡᠷᠡᠢ᠃
   

      ᠳᠠᠭ᠋ᠠᠯᠳᠤᠭᠤᠯᠤᠯ᠄

     1. ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠤᠢ᠌ᠲᠤ ᠭᠠᠵᠠᠷ᠎ᠢ ᠬᠡᠷᠡᠭᠯᠡᠬᠦ ᠭᠤᠶᠤᠴᠢᠯᠠᠯ᠎ᠤᠨ ᠮᠠᠲ᠋ᠧᠷᠢᠶᠠᠯ᠎ᠤᠨ ᠬᠠᠭᠤᠳᠠᠰᠤ
     2. ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠨᠤᠲᠤᠭ ᠪᠡᠯᠴᠢᠭᠡᠷ᠎ᠢ ᠬᠡᠷᠡᠭᠯᠡᠬᠦ ᠭᠤᠶᠤᠴᠢᠯᠠᠯ᠎ᠤᠨ ᠮᠠᠲ᠋ᠧᠷᠢᠶᠠᠯ᠎ᠤᠨ ᠬᠠᠭᠤᠳᠠᠰᠤ
     3. ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠣᠶ᠋ᠢᠲᠤ ᠭᠠᠵᠠᠷ᠎ᠢ ᠲᠦᠷ ᠬᠡᠷᠡᠭᠯᠡᠬᠦ ᠭᠤᠶᠤᠴᠢᠯᠠᠯ᠎ᠤᠨ ᠮᠠᠲ᠋ᠧᠷᠢᠶᠠᠯ᠎ᠤᠨ ᠬᠠᠭᠤᠳᠠᠰᠤ
     4. ᠪᠥᠲᠥᠭᠡᠨ ᠪᠠᠶ᠋ᠢᠭᠤᠯᠤᠯᠲᠠ ᠵᠢᠨ ᠲᠥᠷᠥᠯ   ᠵᠦᠢ᠍ᠯ᠎ᠳᠤ ᠨᠤᠲᠤᠭ ᠪᠡᠯᠴᠢᠭᠡᠷ᠎ᠢ ᠲᠦᠷ ᠬᠡᠷᠡᠭᠯᠡᠬᠦ ᠭᠤᠶᠤᠴᠢᠯᠠᠯ᠎ᠤᠨ ᠮᠠᠲ᠋ᠧᠷᠢᠶᠠᠯ᠎ᠤᠨ ᠬᠠᠭᠤᠳᠠᠰᠤ
     5. ᠤᠢ ᠰᠢᠭᠤᠶ ᠵᠢᠨ ᠡᠵᠡᠩᠨᠡᠯᠲᠡ ᠵᠢᠨ ᠨᠢᠭᠡᠴᠡ ᠡᠵᠡᠩᠨᠡᠵᠦ ᠪᠠᠶ᠋ᠢᠭ᠎ᠠ ᠤᠢ᠌ᠲᠦ ᠭᠠᠵᠠᠷ᠎ᠤᠨ ᠬᠦᠷᠢᠶ᠎ᠡ ᠬᠡᠪᠴᠢᠶᠡᠨ᠎ᠳᠤ ᠤᠢ ᠰᠢᠭᠤᠶ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠦᠢ᠍ᠯᠡᠴᠢᠯᠡᠭᠡᠨ᠎ᠤ ᠪᠠᠷᠢᠯᠭ᠎ᠠ ᠵᠢᠨ ᠪᠡᠯᠡᠳᠬᠡᠮᠵᠢ ᠲᠥᠬᠥᠭᠡᠷᠦᠮᠵᠢ ᠪᠠᠢ᠌ᠭᠤᠯᠬᠤ᠎ᠳᠤ ᠬᠡᠷᠡᠭᠯᠡᠬᠦ ᠤᠢ᠌ᠲᠦ ᠭᠠᠵᠠᠷ᠎ᠤᠨ ᠭᠤᠶᠤᠴᠢᠯᠠᠯ᠎ᠤᠨ ᠮᠠᠲ᠋ᠧᠷᠢᠶᠠᠯ᠎ᠤᠨ ᠬᠠᠭᠤᠳᠠᠰᠤ
     6. ᠨᠤᠲᠤᠭ ᠪᠡᠯᠴᠢᠭᠡᠷ᠎ᠲᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠪᠡᠯᠡᠳᠬᠡᠮᠵᠢ ᠲᠥᠬᠥᠭᠡᠷᠦᠮᠵᠢ ᠪᠠᠢ᠌ᠭᠤᠯᠬᠤ᠎ᠳᠤ ᠬᠡᠷᠡᠭᠯᠡᠬᠦ ᠨᠤᠲᠤᠭ ᠪᠡᠯᠴᠢᠭᠡᠷ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠤᠨ ᠮᠠᠲ᠋ᠧᠷᠢᠶᠠᠯ᠎ᠤᠨ ᠬᠠᠭᠤᠳᠠᠰᠤ
     7.   ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠬᠡᠷᠡᠭᠯᠡᠬᠦ ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠴᠠᠭ᠋ᠠᠵᠠᠯᠠᠬᠤ ᠴᠢᠨᠠᠷᠲᠠᠶ ᠪᠠ ᠬᠢᠵᠠᠭ᠋ᠠᠷᠯᠠᠬᠤ ᠴᠢᠨᠠᠷᠲᠠᠶ ᠲᠣᠭᠲᠠᠭ᠋ᠠᠯ
     8. ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠯᠡᠬᠦ ᠣᠶ᠋ᠢᠲᠤ ᠭᠠᠵᠠᠷ᠎ᠢ ᠬᠢᠨᠠᠨ ᠬᠠᠷᠭᠤᠭᠤᠯᠬᠤ ᠴᠤᠪᠤᠷᠠᠯ ᠵᠢᠷᠤᠭ
     9. ᠠᠭᠤᠷᠬᠠᠶ ᠵᠢᠨ ᠪᠤᠯᠠᠭᠳᠠᠴᠠ ᠵᠢ ᠨᠡᠭᠡᠭᠡᠨ ᠮᠠᠯᠲᠠᠬᠤ ᠪᠠ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠡᠷᠭᠡ ᠵᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠᠲᠠᠶ 70 ᠾᠧᠺᠲ᠋ᠠᠷ᠎ᠠᠴᠠ ᠳᠣᠷᠣᠭᠰᠢᠬᠢ ᠨᠤᠲᠤᠭ ᠪᠡᠯᠴᠢᠭᠡᠷ᠎ᠤᠨ   ᠬᠢᠨᠠᠨ ᠬᠠᠷᠭᠤᠭᠤᠯᠬᠤ ᠴᠤᠪᠤᠷᠠᠯ ᠵᠢᠷᠤᠭ
     10. ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠬᠡᠷᠡᠭᠯᠡᠯᠳᠡ ᠵᠢ ᠬᠦᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠭ᠎ᠠ ᠵᠢᠨ ᠨᠡᠷᠡᠶ᠋ᠢᠳᠦᠯ᠂ ᠬᠠᠶᠢᠭ᠂ ᠬᠠᠷᠢᠯᠴᠠᠬᠤ ᠠᠷᠭ᠎ᠠ ᠮᠠᠶᠢᠭ
   
   


                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ
                                 2023 ᠣᠨ᠎ᠤ 2 ᠰᠠᠷ᠎ᠠ
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠬᠤᠭᠤᠴᠠᠭ᠎ᠠ ᠰᠣᠯᠢᠬᠤ ᠠᠵᠢᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠮᠡᠳᠡᠭᠳᠡᠯ
2023 ᠣᠨ᠎ᠳᠤ ᠳᠡᠮᠵᠢᠬᠦ ᠬᠡᠪᠴᠢᠶᠡᠨ᠎ᠳᠤ ᠣᠷᠣᠭᠤᠯᠬᠤ᠎ᠪᠠᠷ ᠪᠠᠶ᠋ᠢᠭ᠎ᠠ ᠬᠦᠭᠵᠢᠵᠦ ᠪᠠᠢ᠌ᠭ᠎ᠠ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ 2023 ᠣᠨ᠎ᠤ ᠡᠪᠡᠰᠦᠨ᠎ᠤ ᠡᠭᠦᠯᠳᠡᠷ᠎ᠢ ᠬᠢᠨᠠᠨ ᠲᠣᠭᠲᠠᠭ᠋ᠠᠵᠤ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
 
             蒙ICP备05000248号