ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ 2023 ᠣᠨ᠎ᠤ ᠡᠪᠡᠰᠦᠨ᠎ᠤ ᠡᠭᠦᠯᠳᠡᠷ᠎ᠢ ᠬᠢᠨᠠᠨ ᠲᠣᠭᠲᠠᠭ᠋ᠠᠵᠤ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-06-13

ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠂ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ (ᠭᠠᠵᠠᠷ)᠎ᠤᠨ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
      《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠵᠤ ᠮᠡᠳᠡᠭᠦᠯᠬᠦ ᠠᠵᠢᠯ᠎ᠤᠨ ᠲᠤᠬᠠᠶ ᠳᠣᠣᠷᠠᠬᠢ ᠮᠡᠲᠦ ᠮᠡᠳᠡᠭᠳᠡᠶ᠎ᠡ᠄
      ᠨᠢᠭᠡ᠂ ᠮᠡᠳᠡᠭᠦᠯᠬᠦ ᠡᠲᠡᠭᠡᠳ 
      ᠰᠢᠨᠵᠢᠯᠡᠬᠦ ᠤᠬᠠᠭ᠋ᠠᠨᠴᠢ᠎ᠪᠠᠷ ᠰᠣᠩᠭᠣᠨ ᠪᠣᠶ᠋ᠢᠵᠢᠭᠤᠯᠬᠤ ᠳᠡᠰ ᠳᠠᠷᠠᠭ᠋ᠠᠯᠠᠯ ᠶᠣᠰᠣᠭ᠋ᠠᠷ᠂ ᠣᠷᠣᠨ ᠪᠦᠰᠡ ᠵᠢᠨ ᠲᠤᠷᠰᠢᠯᠲᠠ᠎ᠪᠠᠷ ᠳᠠᠮᠵᠢᠨ᠂ ᠵᠣᠬᠢᠬᠤ ᠣᠷᠣᠨ ᠪᠦᠰᠡ ᠵᠢᠨ ᠳᠣᠲᠣᠷ᠎ᠠ ᠳᠡᠯᠭᠡᠷᠡᠭᠦᠯᠦᠨ ᠬᠡᠷᠡᠭᠯᠡᠬᠦ ᠦᠨ᠎ᠡ ᠥᠷᠲᠡᠭ᠎ᠲᠠᠢ ᠡᠭᠦᠯᠳᠡᠷ ᠵᠢᠴᠢ ᠥᠪᠥᠷ ᠮᠣᠩᠭᠣᠯ ᠣᠷᠣᠨ᠎ᠳᠤ ᠠᠮᠵᠢᠯᠲᠠ᠎ᠲᠠᠢ ᠦᠷ᠎ᠡ ᠣᠷᠣᠭᠤᠯᠤᠨ ᠳᠡᠯᠭᠡᠷᠡᠭᠦᠯᠦᠨ ᠬᠡᠷᠡᠭᠯᠡᠬᠦ᠎ᠪᠠᠷ ᠪᠠᠶ᠋ᠢᠭ᠎ᠠ ᠡᠪᠡᠰᠦᠨ ᠦᠷ᠎ᠡ ᠪᠦᠬᠦᠨ᠎ᠢ ᠴᠥᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠲᠤ ᠭᠤᠶᠤᠴᠢᠯᠠᠯ ᠵᠶ᠋ᠠᠨ ᠳᠤᠷᠠᠳᠴᠤ ᠪᠣᠯᠤᠨ᠎ᠠ᠃
      ᠬᠣᠶᠠᠷ᠂ ᠮᠡᠳᠡᠭᠦᠯᠬᠦ ᠮᠠᠲ᠋ᠧᠷᠢᠶᠠᠯ
      ᠭᠤᠶᠤᠴᠢᠯᠠᠭᠴᠢ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠭᠤᠶᠤᠴᠢᠯᠠᠯ᠎ᠤᠨ ᠪᠢᠴᠢᠭ》 (ᠳᠠᠭ᠋ᠠᠯᠳᠤᠭᠤᠯᠤᠯ 1) ᠵᠢᠴᠢ ᠬᠠᠮᠢᠶ᠎ᠠ ᠪᠥᠬᠥᠶ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃
      ᠭᠤᠷᠪᠠ᠂ ᠠᠩᠬᠠᠷᠬᠤ ᠵᠦᠢ᠍ᠯᠡᠰ
      1. ᠭᠤᠶᠤᠴᠢᠯᠠᠭᠴᠢ ᠡᠷᠬᠡᠪᠰᠢ ᠡᠭᠦᠯᠳᠡᠷ ᠵᠶ᠋ᠠᠨ ᠮᠡᠳᠡᠭᠦᠯᠬᠦ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠤᠨ ᠬᠢᠨᠠᠨ ᠲᠣᠭᠲᠠᠭ᠋ᠠᠬᠤ ᠺᠣᠮᠢᠰ᠎ᠲᠤ ᠲᠤᠬᠠᠶ ᠵᠢᠨ ᠭᠠᠵᠠᠷ᠎ᠲᠤᠨᠢ ᠬᠢᠨᠠᠨ ᠲᠣᠭᠲᠠᠭ᠋ᠠᠯᠭ᠋ᠠᠬᠤ ᠭᠤᠶᠤᠴᠢᠯᠠᠯ ᠵᠶ᠋ᠠᠨ ᠳᠤᠷᠠᠳᠴᠤ᠂ ᠡᠭᠦᠯᠳᠡᠷ᠎ᠤᠨ ᠰᠢᠨᠵᠢ ᠤᠨᠴᠠᠯᠢᠭ ᠵᠶ᠋ᠠᠷ ᠬᠠᠮᠤᠭ᠎ᠤᠨ ᠢᠯᠡᠷᠬᠡᠶ ᠴᠠᠭ ᠬᠤᠭᠤᠴᠠᠭ᠎ᠠ᠎ᠪᠠᠷ ᠬᠢᠨᠠᠨ ᠲᠣᠭᠲᠠᠭ᠋ᠠᠯᠭ᠋ᠠᠬᠤ ᠴᠠᠭ ᠬᠤᠭᠤᠴᠠᠭ᠎ᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠤᠨ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠠᠴᠠ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠲᠤᠬᠠᠶ ᠵᠢᠨ ᠭᠠᠵᠠᠷ᠎ᠲᠤᠨᠢ ᠬᠢᠨᠠᠨ ᠲᠣᠭᠲᠠᠭ᠋ᠠᠯᠲᠠ ᠬᠢᠬᠦ ᠵᠢᠨ ᠬᠠᠮᠲᠤ 《ᠡᠪᠡᠰᠦᠨ ᠡᠭᠦᠯᠳᠡᠷ᠎ᠤᠨ ᠲᠠᠷᠢᠶᠠᠨ ᠭᠠᠵᠠᠷ᠎ᠤᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ》 (ᠳᠠᠭ᠋ᠠᠯᠳᠤᠭᠤᠯᠤᠯ 2) ᠭᠠᠷᠭ᠋ᠠᠵᠤ ᠥᠭᠬᠦ ᠬᠡᠷᠡᠭᠲᠡᠶ; ᠲᠤᠬᠠᠶ ᠵᠢᠨ ᠭᠠᠵᠠᠷ᠎ᠲᠤᠨᠢ ᠰᠢᠯᠭ᠋ᠠᠨ ᠲᠣᠭᠲᠠᠭ᠋ᠠᠯᠲᠠ ᠬᠢᠭᠰᠡᠨ ᠦᠭᠡᠢ ᠪᠤᠶᠤ ᠰᠢᠯᠭ᠋ᠠᠨ ᠲᠣᠭᠲᠠᠭ᠋ᠠᠯᠲᠠ ᠵᠢ ᠦᠩᠭᠡᠷᠡᠭᠡᠵᠦ ᠳᠡᠢ᠌ᠯᠦᠭᠰᠡᠨ ᠥᠬᠡᠶ ᠲᠥᠷᠥᠯ ᠵᠦᠢ᠍ᠯ᠎ᠢ ᠲᠤᠬᠠᠶ ᠵᠢᠨ ᠵᠢᠯ᠎ᠳᠤ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
      2 . ᠬᠢᠨᠠᠨ ᠲᠣᠭᠲᠠᠭ᠋ᠠᠯᠲᠠ ᠵᠢ ᠥᠩᠭᠡᠷᠡᠭᠡᠭᠰᠡᠨ ᠡᠪᠡᠰᠦᠨ ᠡᠭᠦᠯᠳᠡᠷ᠎ᠢ ᠭᠤᠶᠤᠴᠢᠯᠠᠭᠴᠢ᠎ᠨᠢ ᠡᠷᠬᠡᠪᠰᠢ ᠲᠣᠭᠲᠠᠭᠰᠠᠨ ᠬᠤᠭᠤᠴᠠᠭ᠋ᠠᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠲᠤ ᠤᠤᠯ᠎ᠤᠨ ᠡᠭᠦᠯᠳᠡᠷ᠎ᠤᠨ 1000 g᠎ᠢ ᠲᠤᠰᠢᠶᠠᠵᠤ᠂ ᠦᠷ᠎ᠡ ᠵᠢᠨ ᠡᠬᠢ ᠪᠠᠶᠠᠯᠢᠭ ᠪᠣᠯᠭ᠋ᠠᠨ ᠬᠠᠳᠠᠭ᠋ᠠᠯᠠᠬᠤ ᠬᠡᠷᠡᠭᠲᠡᠢ᠃
      ᠳᠥᠷᠪᠡ᠂ ᠮᠡᠳᠡᠭᠦᠯᠬᠦ ᠮᠠᠲ᠋ᠧᠷᠢᠶᠠᠯ᠎ᠢ ᠲᠤᠰᠢᠶᠠᠬᠤ
      1 . ᠭᠤᠶᠤᠴᠢᠯᠠᠭᠴᠢ᠎ᠨᠢ ᠪᠦᠷᠢᠨ ᠪᠦᠲᠦᠨ ᠭᠤᠶᠤᠴᠢᠯᠠᠯ᠎ᠤᠨ ᠮᠠᠲ᠋ᠧᠷᠢᠶᠠᠯ ᠵᠶ᠋ᠠᠨ 2023 ᠣᠨ᠎ᠤ 11 ᠰᠠᠷ᠎ᠠ ᠵᠢᠨ 30᠎ᠤ ᠡᠳᠦᠷ᠎ᠠᠴᠠ ᠡᠮᠦᠨ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠲᠥᠷᠥᠯ ᠵᠦᠢ᠍ᠯ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠬᠡᠷ᠎ᠲᠤ ᠲᠤᠰᠢᠶᠠᠬᠤ ᠬᠡᠷᠡᠭᠲᠡᠶ᠂ ᠬᠤᠭᠤᠴᠠᠭ᠎ᠠ᠎ᠨᠢ ᠬᠡᠲᠦᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
      2 . ᠭᠤᠶᠤᠴᠢᠯᠠᠯ᠎ᠤᠨ ᠪᠢᠴᠢᠭ᠂ ᠡᠯ᠎ᠡ ᠲᠥᠷᠥᠯ᠎ᠤᠨ ᠮᠡᠳᠡᠭᠦᠯᠦᠯᠲᠡ᠂ ᠵᠢᠷᠤᠭ ᠵᠢᠴᠢ ᠪᠤᠰᠤᠳ ᠳᠠᠭ᠋ᠠᠯᠳᠤᠭᠤᠯᠤᠯ᠎ᠢ ᠬᠠᠮᠲᠤ᠎ᠳᠤᠨᠢ ᠳᠡᠪᠲᠡᠷᠯᠡᠬᠦ ᠵᠢᠨ ᠬᠠᠮᠲᠤ ᠲᠠᠮᠠᠭ᠎ᠠ ᠳᠠᠷᠤᠵᠤ᠂  5 ᠬᠤᠪᠢ (ᠡᠭᠦᠨ᠎ᠳᠤ ᠤᠭ ᠮᠠᠲ᠋ᠧᠷᠢᠶᠠᠯ᠎ᠨᠢ 1 ᠬᠤᠪᠢ)᠃ ᠡᠭᠦᠨ᠎ᠤ ᠬᠠᠮᠲᠤ ᠭᠤᠶᠤᠴᠢᠯᠠᠯ᠎ᠤᠨ ᠪᠢᠴᠢᠭ Word ᠬᠡᠪᠯᠡᠯ ᠪᠠ ᠢᠵᠢ ᠪᠦᠷᠢᠨ ᠭᠤᠶᠤᠴᠢᠯᠠᠯ᠎ᠤᠨ ᠮᠠᠲ᠋ᠧᠷᠢᠶᠠᠯ PDF ᠬᠡᠪᠯᠡᠯ᠎ᠢ ᠬᠠᠩᠭ᠋ᠠᠨ᠎ᠠ᠃
      ᠲᠠᠪᠤ᠂ ᠬᠠᠷᠢᠯᠴᠠᠬᠤ ᠠᠷᠭ᠎ᠠ ᠮᠠᠶᠢᠭ
      ᠨᠢᠭᠡᠴᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ (ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠬᠡᠷ)
      ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ ᠶᠤᠸᠠᠨ ᠯᠢ ᠭᠤᠳᠤᠮᠵᠢ ᠵᠢᠨ 325 ᠳ᠋ᠤᠭ᠋ᠠᠷ ᠨᠣᠮᠧᠷ
      ᠰᠢᠦᠳᠠᠨ ᠳ᠋ᠤᠭ᠋ᠠᠷ᠄ 010010
      ᠬᠠᠷᠢᠯᠴᠠᠬᠤ ᠬᠥᠮᠦᠨ᠄ ᠰᠢᠶᠠ ᠬᠣᠩ ᠶᠠᠨ   ᠯᠢ ᠬᠤᠤ ᠹᠤᠩ
      ᠬᠠᠷᠢᠯᠴᠠᠬᠤ ᠤᠲᠠᠰᠤ᠄ 0471 - 2342334
      15847662383     18586297897
      ᠢᠮᠧᠯ᠄ cpzsd 2011@126 . com


 
      ᠳᠠᠭ᠋ᠠᠯᠳᠤᠭᠤᠯᠤᠯ᠄ 1 . 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠤᠨ ᠭᠤᠶᠤᠴᠢᠯᠠᠯ᠎ᠤᠨ ᠪᠢᠴᠢᠭ》
                     2 . ᠡᠪᠡᠰᠦᠨ ᠲᠥᠷᠥᠯ ᠵᠦᠢ᠍ᠯ ᠎ᠤᠨ ᠲᠠᠷᠢᠶᠠᠨ ᠭᠠᠵᠠᠷ᠎ᠤᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ
                     3 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠲᠥᠷᠥᠯ ᠵᠦᠢ᠍ᠯ᠎ᠢ ᠬᠢᠨᠠᠨ ᠲᠣᠭᠲᠠᠭ᠋ᠠᠬᠤ ᠠᠷᠭ᠎ᠠ




                             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                             ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 
                                       2023 ᠣᠨ᠎ᠤ 6 ᠰᠠᠷ᠎ᠠ ᠵᠢᠨ 2᠎ᠤᠨ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ 2023 ᠣᠨ᠎ᠤ ᠳᠡᠭᠡᠷ᠎ᠡ ᠬᠠᠭ᠋ᠠᠰ ᠵᠢᠯ᠎ᠤᠨ ᠢᠯᠡ᠎ᠪᠠᠷ ᠠᠵᠢᠯᠲᠠᠨ ᠤᠷᠢᠨ ᠬᠡᠷᠡᠭᠯᠡᠬᠦ᠎ᠪᠠᠷ ᠪᠠᠶ᠋ᠢᠭ᠎ᠠ ᠬᠥᠮᠦᠰ᠎ᠢ ᠵᠠᠷᠯᠠᠨ ᠨᠡᠶ᠋ᠢᠲᠡᠯᠡᠬᠦ ᠲᠤᠬᠠᠶ ᠠᠯᠪᠠᠨ ᠵᠠᠷ
ᠡᠪᠡᠰᠦ ᠪᠣᠷᠳᠣᠭ᠎ᠠ ᠵᠢᠨ ᠠᠵᠤ ᠦᠢ᠍ᠯᠡᠰ᠎ᠤᠨ ᠬᠡᠯᠬᠢᠶ᠎ᠡ᠎ᠳᠤ ᠦᠨᠳᠦᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠦᠮᠦᠵᠢᠭᠦᠯᠦᠭᠰᠡᠨ ᠠᠵᠤ ᠠᠬᠤᠶ᠋ᠢᠯᠠᠯ᠎ᠢ ᠱᠠᠩᠨᠠᠨ ᠬᠥᠬᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠡᠢ᠌ᠲᠡᠯᠡᠯ
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭ᠋ᠠᠨ ᠲᠢᠭᠯᠡᠭᠰᠡᠨ ᠦᠷ᠎ᠡ ᠳ᠋ᠦᠩ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
ᠰᠢᠨ᠎ᠡ ᠴᠠᠭ ᠦᠶ᠎ᠡ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠰᠣᠩᠭᠣᠨ ᠬᠥᠮᠦᠵᠢᠭᠦᠯᠬᠦ ᠲᠥᠷᠥᠯ ᠵᠦᠢ᠍ᠯ᠎ᠤᠨ ᠨᠢᠭᠡᠳᠦᠭᠡᠷ᠂ ᠬᠣᠶᠠᠳᠤᠭ᠋ᠠᠷ ᠳᠡᠰ᠎ᠤᠨ ᠵᠢᠱ᠌ᠢᠭᠳᠡᠭᠴᠢ ᠵᠢ ᠵᠠᠷᠯᠠᠨ ᠨᠡᠶ᠋ᠢᠲᠡᠯᠡᠬᠦ ᠵᠠᠷ
 
             蒙ICP备05000248号