《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠦᠭᠵᠢᠵᠦ ᠪᠠᠢ᠌ᠭ᠎ᠠ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠠᠬᠢᠭᠤᠯᠬᠤ ᠵᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠬᠦᠭᠵᠢᠵᠦ ᠪᠠᠢ᠌ᠭ᠎ᠠ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠪᠠᠶ᠋ᠢᠭᠤᠯᠬᠤ ᠵᠢ ᠠᠬᠢᠭᠤᠯᠬᠤ ᠵᠢᠨ ᠲᠥᠯᠥᠭᠡ᠃ 《ᠬᠦᠭᠵᠢᠵᠦ ᠪᠠᠢ᠌ᠭ᠎ᠠ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠳᠡᠮᠵᠢᠬᠦ ᠬᠡᠪᠴᠢᠶ᠎ᠡ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ ᠠᠵᠢᠯ᠎ᠢ ᠥᠷᠨᠢᠭᠦᠯᠬᠦ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠬᠡᠷ᠎ᠤᠨ ᠮᠡᠳᠡᠭᠳᠡᠯ》 (ᠠᠯᠪᠠᠨ ᠲᠠᠯᠠᠪᠠᠶ
ᠥᠰᠥᠭ [2023]29 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠣᠪᠴᠢᠶ᠎ᠠ᠎ᠠᠴᠠ ᠡᠯ᠎ᠡ ᠭᠠᠵᠠᠷ᠎ᠢ ᠵᠣᠬᠢᠶᠠᠨ ᠪᠠᠶ᠋ᠢᠭᠤᠯᠵᠤ ᠬᠦᠭᠵᠢᠵᠦ ᠪᠠᠢ᠌ᠭ᠎ᠠ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ ᠦᠨᠡᠯᠡᠬᠦ ᠭᠦᠢ᠍ᠴᠡᠳᠭᠡᠯ ᠲᠣᠭ᠋ᠠᠨ᠎ᠤ ᠰᠢᠰᠲ᠋ᠧᠮᠵᠢ ᠵᠢ ᠴᠢᠩᠭ᠎ᠠ ᠵᠢᠷᠤᠮᠯᠠᠨ ᠦᠨᠡᠯᠡᠯᠲᠡ ᠬᠢᠵᠦ᠂ ᠣᠶ ᠰᠢᠭᠤᠶ ᠵᠢᠨ ᠲᠠᠯᠠᠪᠠᠶ ᠥᠪᠡᠰᠦᠪᠡᠨ ᠦᠨᠡᠯᠡᠬᠦ᠂ ᠥᠪᠡᠷᠲᠡᠭᠡᠨ ᠵᠠᠰᠠᠬᠤ ᠣᠷᠣᠨ᠎ᠠᠴᠠ ᠬᠢᠨᠠᠨ ᠬᠠᠷᠭᠤᠭᠤᠯᠬᠤ᠎ᠪᠠᠷ ᠳᠡᠮᠵᠢᠨ᠂ ᠨᠥᠬᠥᠴᠡᠯ᠎ᠳᠤ ᠨᠡᠶ᠋ᠢᠴᠡᠬᠦ 137 ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢ ᠬᠦᠭᠵᠢᠵᠦ ᠪᠠᠢ᠌ᠭ᠎ᠠ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠳᠡᠮᠵᠢᠬᠦ ᠬᠡᠪᠴᠢᠶ᠎ᠡ᠎ᠳᠤ ᠵᠢᠭᠰᠠᠭ᠋ᠠᠨ ᠣᠷᠣᠭᠤᠯᠬᠤ ᠵᠢᠨ ᠬᠠᠮᠲᠤ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ ᠨᠡᠷᠡᠰ᠎ᠢ ᠳᠠᠭ᠋ᠠᠯᠳᠤᠭᠤᠯᠤᠯ᠎ᠳᠤ ᠨᠠᠷᠢᠨ ᠦᠵᠡᠭᠡᠷᠡᠶ᠂ ᠬᠡᠷᠪᠡ ᠤᠨᠳᠤᠤ ᠰᠠᠨᠠᠯ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠲᠤᠰᠬᠠᠭ᠋ᠠᠷᠠᠢ᠃
ᠢᠯᠡ ᠨᠡᠶ᠋ᠢᠲᠡᠯᠡᠬᠦ ᠴᠠᠭ᠄ 2023 ᠣᠨ᠎ᠤ 6 ᠰᠠᠷ᠎ᠠ ᠵᠢᠨ 1᠎ᠤ ᠡᠳᠦᠷ - 2023 ᠣᠨ᠎ᠤ 6 ᠰᠠᠷ᠎ᠠ
ᠵᠢᠨ 7᠎ᠤ ᠡᠳᠦᠷ
ᠬᠠᠷᠢᠯᠴᠠᠬᠤ ᠠᠷᠭ᠎ᠠ᠄ 0471 - 3380312
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
2023 ᠣᠨ᠎ᠤ 6 ᠰᠠᠷ᠎ᠠ ᠵᠢᠨ 1᠎ᠤ ᠡᠳᠦᠷ