ᠰᠢᠯᠭ᠋ᠠᠭᠤᠯᠤᠭᠰᠠᠳ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠡᠯᠰᠡᠬᠦ ᠠᠷᠭ᠎ᠠ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠡᠯᠰᠡᠬᠦ ᠠᠯᠪᠠᠨ ᠵᠠᠷ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠰᠦᠯᠵᠢᠶ᠎ᠡ᠎ᠪᠠᠷ ᠨᠡᠷ᠎ᠡ ᠮᠡᠳᠡᠭᠦᠯᠬᠦ᠂ ᠬᠢᠷᠢ ᠬᠡᠮ᠎ᠤᠨ ᠠᠩᠬᠠᠨ᠎ᠤ ᠬᠢᠨᠠᠯᠲᠠ᠂ ᠪᠢᠷ᠎ᠤᠨ ᠰᠢᠯᠭ᠋ᠠᠯᠲᠠ᠂ ᠬᠢᠷᠢ ᠬᠡᠮ᠎ᠤᠨ ᠳᠠᠬᠢᠨ ᠬᠢᠨᠠᠯᠲᠠ᠂ ᠨᠢᠭᠤᠷᠳᠠᠨ ᠰᠢᠯᠭ᠋ᠠᠯᠲᠠ᠂ ᠪᠡᠶ᠎ᠡ ᠵᠢᠨ ᠪᠠᠶ᠋ᠢᠴᠠᠭ᠋ᠠᠯᠲᠠ᠂ ᠰᠢᠨᠵᠢᠯᠡᠨ ᠪᠠᠶ᠋ᠢᠴᠠᠭ᠋ᠠᠯᠲᠠ ᠵᠡᠷᠭᠡ ᠭᠣᠭᠴᠣᠭ᠎ᠠ᠎ᠳᠤ ᠨᠡᠶ᠋ᠢᠲᠡ 37 ᠬᠥᠮᠦᠨ᠎ᠢ ᠤᠷᠢᠨ ᠬᠡᠷᠡᠭᠯᠡᠬᠦ ᠬᠥᠮᠦᠰ᠎ᠤᠨ ᠬᠡᠪᠴᠢᠶᠡᠨ᠎ᠳᠤ ᠣᠷᠣᠭᠤᠯᠵᠤ᠂ ᠡᠳᠦᠭᠡ ᠤᠷᠢᠨ ᠬᠡᠷᠡᠭᠯᠡᠬᠦ ᠬᠥᠮᠦᠰ᠎ᠢ ᠢᠯᠡ ᠨᠡᠶ᠋ᠢᠲᠡᠯᠡᠨ᠎ᠡ (ᠨᠡᠷᠡᠰ᠎ᠢ ᠳᠠᠭ᠋ᠠᠯᠳᠤᠭᠤᠯᠤᠯ᠎ᠠᠴᠠ ᠦᠵᠡᠭᠡᠷᠡᠶ)᠃
ᠨᠢᠭᠡ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
2023 ᠣᠨ᠎ᠤ 8 ᠰᠠᠷ᠎ᠠ ᠵᠢᠨ 15᠎ᠤ ᠡᠳᠦᠷ 8 ᠰᠠᠷ᠎ᠠ ᠵᠢᠨ 21᠎ᠤ ᠡᠳᠦᠷ
ᠬᠣᠶᠠᠷ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠵᠢᠴᠢ ᠬᠦᠯᠢᠶᠡᠨ ᠠᠪᠴᠤ ᠰᠢᠢ᠍ᠳᠪᠦᠷᠢᠯᠡᠬᠦ ᠴᠠᠭ
ᠨᠢᠭᠡᠴᠢ ᠪᠤᠶᠤ ᠬᠤᠪᠢ ᠬᠥᠮᠦᠨ ᠵᠠᠷᠯᠠᠨ ᠨᠡᠶ᠋ᠢᠲᠡᠯᠡᠭᠰᠡᠨ ᠪᠠᠶ᠋ᠢᠳᠠᠯ᠎ᠳᠤ ᠣᠨᠳᠣᠣ ᠰᠠᠨᠠᠯ᠎ᠲᠠᠢ ᠪᠠᠶ᠋ᠢᠪᠠᠯ᠂ ᠤᠲᠠᠰᠤ᠂ ᠰᠤᠷᠪᠤᠯᠵᠢᠯᠠᠬᠤ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠶ᠋ᠢᠲᠡᠯᠡᠭᠰᠡᠨ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠵᠤ ᠪᠣᠯᠬᠤ ᠭᠡᠷᠡᠴᠢᠯᠡᠭᠴᠢ ᠵᠢᠴᠢ ᠪᠤᠰᠤᠳ ᠬᠣᠯᠪᠣᠭᠳᠠᠯ ᠪᠥᠬᠥᠶ ᠰᠦᠪᠡᠭᠴᠢ ᠵᠢ ᠬᠠᠩᠭ᠋ᠠᠭ᠋ᠠᠷᠠᠶ᠃ ᠪᠢᠳᠡ ᠠᠰᠠᠭᠤᠳᠠᠯ᠎ᠢ ᠲᠤᠰᠬᠠᠭᠴᠢ ᠵᠢᠴᠢ ᠲᠤᠰᠬᠠᠭᠰᠠᠨ ᠠᠰᠠᠭᠤᠳᠠᠯ᠎ᠤᠨ ᠨᠢᠭᠤᠴᠠ ᠵᠢ ᠴᠢᠩᠭ᠎ᠠ ᠬᠠᠮᠠᠭ᠋ᠠᠯᠠᠨ᠎ᠠ᠃
ᠭᠥᠯᠢᠶᠡᠨ ᠠᠪᠴᠤ ᠰᠢᠢ᠍ᠳᠪᠦᠷᠢᠯᠡᠬᠦ ᠴᠠᠭ᠄ ᠢᠯᠡ ᠨᠡᠶ᠋ᠢᠲᠡᠯᠡᠬᠦ ᠬᠤᠭᠤᠴᠠᠭ᠋ᠠᠨᠲᠠᠬᠢ ᠠᠵᠢᠯᠯᠠᠬᠤ ᠡᠳᠦᠷ
9᠄ 00 - 12᠄ 00 13᠄ 30 - 17᠄ 00
ᠬᠦᠯᠢᠶᠡᠨ ᠠᠪᠬᠤ ᠤᠲᠠᠰᠤ᠄ 0471 - 3380609᠂ 0471 - 3380227
2023 ᠣᠨ᠎ᠤ 8 ᠰᠠᠷ᠎ᠠ ᠵᠢᠨ 15᠎ᠤ ᠡᠳᠦᠷ