ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠡᠪᠡᠰᠦ ᠪᠣᠷᠳᠣᠭ᠎ᠠ ᠵᠢᠨ ᠠᠵᠤ ᠦᠢ᠍ᠯᠡᠰ᠎ᠤᠨ ᠬᠡᠯᠬᠢᠶ᠎ᠡ᠎ᠳᠤ ᠦᠨᠳᠦᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠦᠮᠦᠵᠢᠭᠦᠯᠦᠭᠰᠡᠨ ᠠᠵᠤ ᠠᠬᠤᠶ᠋ᠢᠯᠠᠯ᠎ᠢ ᠱᠠᠩᠨᠠᠨ ᠬᠥᠬᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠡᠢ᠌ᠲᠡᠯᠡᠯ
ᠨᠡᠶ᠋ᠢᠲᠡᠯᠡᠭᠰᠡᠨ ᠴᠠᠭ᠄ 2023-09-19

      《2023 ᠣᠨ᠎ᠤ ᠠᠵᠤ ᠠᠬᠤᠶ᠋ᠢᠯᠠᠯ᠎ᠤᠨ ᠦᠨᠳᠦᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ ᠵᠢ ᠱᠠᠩᠨᠠᠨ ᠬᠥᠬᠢᠭᠦᠯᠬᠦ᠎ᠪᠠᠷ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ》 (ᠥᠪᠥᠷ ᠮᠣᠩᠭᠤᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ᠎ᠤᠨ ᠵᠠᠬᠢᠳᠠᠯ [2023]149 ᠳ᠋ᠦ᠍ᠭᠡᠷ ᠲᠣᠭ᠋ᠠᠲᠤ) ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠣᠳᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠯᠦᠩ ᠼᠤᠤ ᠳᠡᠭᠡᠳᠦ ᠰᠢᠨᠵᠢᠯᠡᠬᠦ ᠤᠬᠠᠭ᠋ᠠᠨ ᠲᠠᠷᠢᠶᠠᠯᠠᠩ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠼᠤᠤ ᠳ᠋ᠦ᠋ ᠼᠤᠤ ᠮᠠᠯ ᠠᠵᠤ ᠠᠬᠤᠶ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠮᠸᠩ ᠼᠤᠤ ᠠᠮᠢ ᠠᠬᠤᠶ ᠣᠷᠴᠢᠨ ᠲᠣᠭᠣᠷᠢᠨ᠎ᠤ (ᠪᠦᠯᠦᠭᠯᠡᠯ) ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭ᠍ᠣᠯ᠎ᠤᠨ ᠵᠧᠩ ᠱ᠌ᠢ ᠠᠮᠢ ᠠᠬᠤᠢ ᠵᠢᠨ ᠲᠠᠷᠢᠶᠠᠯᠠᠩ᠎ᠤᠨ (ᠪᠦᠯᠦᠭᠯᠡᠯᠲᠦ) ᠬᠢᠵᠠᠭ᠋ᠠᠷᠲᠤ ᠺᠣᠮᠫᠠᠨᠢ᠂ ᠪᠠᠶᠠᠨᠨᠠᠭᠤᠷ ᠬᠣᠲᠠ ᠵᠢᠨ ᠱᠧᠩ ᠮᠥ᠍ ᠳᠡᠭᠡᠳᠦ ᠰᠢᠨᠵᠢᠯᠡᠬᠦ ᠤᠬᠠᠭ᠋ᠠᠨ ᠠᠮᠢ ᠠᠬᠤᠶ ᠵᠢᠨ ᠡᠪᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠳᠡᠪᠰᠢᠭᠦᠯᠪᠡ᠂ ᠡᠪᠡᠰᠦᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠠᠵᠤ ᠠᠬᠤᠶ᠋ᠢᠯᠠᠯ ᠦᠨᠳᠦᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠣᠷᠣᠭᠤᠯᠤᠨ ᠠᠪᠴᠢᠷᠠᠵᠤ ᠬᠦᠮᠦᠵᠢᠭᠦᠯᠬᠦ ᠵᠢ ᠵᠤᠷᠢᠭᠵᠢᠭᠤᠯᠬᠤ ᠵᠢᠨ ᠲᠦᠯᠦᠭᠡ᠂ ᠳᠡᠭᠡᠷᠡᠬᠢ 5 ᠠᠵᠤ ᠠᠬᠤᠶ᠋ᠢᠯᠠᠯ᠎ᠢ ᠢᠯᠡ ᠨᠡᠶ᠋ᠢᠲᠡᠯᠡᠨ᠎ᠡ᠃
      ᠢᠯᠡ ᠨᠡᠶ᠋ᠢᠲᠡᠯᠡᠬᠦ ᠴᠠᠭ᠄ 2023 ᠣᠨ᠎ᠤ 9 ᠰᠠᠷ᠎ᠠ ᠵᠢᠨ 15᠎ᠤ ᠡᠳᠦᠷ᠎ᠠᠴᠠ 9 ᠰᠠᠷ᠎ᠠ ᠵᠢᠨ 21᠎ᠤ ᠡᠳᠦᠷ (5 ᠠᠵᠢᠯᠯᠠᠬᠤ ᠡᠳᠦᠷ) 
      ᠬᠡᠷᠪᠡ ᠤᠨᠳᠤᠤ ᠰᠠᠨᠠᠯ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠠ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠎ᠲᠤ ᠬᠤᠯᠪᠤᠭᠳᠠᠭ᠋ᠠᠷᠠᠢ᠃
      ᠬᠠᠷᠢᠯᠴᠠᠬᠤ ᠤᠲᠠᠰᠤ᠄ 0471 - 3380403

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭ᠋ᠠᠨ ᠲᠢᠭᠯᠡᠭᠰᠡᠨ ᠦᠷ᠎ᠡ ᠳ᠋ᠦᠩ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
ᠰᠢᠨ᠎ᠡ ᠴᠠᠭ ᠦᠶ᠎ᠡ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠰᠣᠩᠭᠣᠨ ᠬᠥᠮᠦᠵᠢᠭᠦᠯᠬᠦ ᠲᠥᠷᠥᠯ ᠵᠦᠢ᠍ᠯ᠎ᠤᠨ ᠨᠢᠭᠡᠳᠦᠭᠡᠷ᠂ ᠬᠣᠶᠠᠳᠤᠭ᠋ᠠᠷ ᠳᠡᠰ᠎ᠤᠨ ᠵᠢᠱ᠌ᠢᠭᠳᠡᠭᠴᠢ ᠵᠢ ᠵᠠᠷᠯᠠᠨ ᠨᠡᠶ᠋ᠢᠲᠡᠯᠡᠬᠦ ᠵᠠᠷ
ᠣᠶ ᠰᠢᠭᠤᠶ ᠡᠪᠡᠰᠦᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠳᠤ ᠰᠤᠭᠤᠴᠢᠨ ᠪᠠᠢ᠌ᠴᠠᠭ᠋ᠠᠯᠳᠠ ᠬᠢᠭᠰᠡᠨ ᠦᠷ᠎ᠡ ᠳ᠋ᠦᠩ᠎ᠢ ᠮᠡᠳᠡᠭᠳᠡᠬᠦ ᠪᠢᠴᠢᠭ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠲᠦᠷᠢᠮ (ᠵᠠᠰᠠᠪᠤᠷᠢ ᠣᠷᠣᠭᠤᠯᠬᠤ ᠲᠥᠰᠦᠯ᠎ᠤᠨ ᠰᠠᠨᠠᠯ ᠬᠤᠷᠢᠶᠠᠬᠤ ᠨᠤᠤᠷᠠᠭ)》᠎ᠤᠨ ᠰᠠᠨᠠᠯ ᠬᠤᠷᠢᠶᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠤᠨ ᠬᠢᠨᠠᠨ ᠲᠤᠭᠲᠠᠭ᠋ᠠᠯᠲᠠ ᠵᠢᠨ ᠠᠩᠬ᠎ᠠ ᠬᠢᠨᠠᠭᠰᠠᠨ ᠦᠷ᠎ᠡ ᠳ᠋ᠦᠩ᠎ᠤᠨ ᠵᠠᠷ
 
             蒙ICP备05000248号