ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ᠂ ᠲᠣᠪᠴᠢᠶ᠎ᠠ ᠵᠢᠨ ᠬᠠᠷᠢᠶ᠎ᠠ ᠡᠯ᠎ᠡ ᠨᠢᠭᠡᠴᠢ᠎ᠳᠤ᠄
ᠪᠦᠬᠦ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠤᠰᠠᠳᠠ᠂ ᠡᠯ᠎ᠡ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠠᠷᠢᠴᠠᠩᠭᠤᠶ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠪᠠᠲᠤᠯᠠᠬᠤ ᠬᠡᠷᠡᠭᠲᠡᠶ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠳᠬᠡᠯ᠎ᠤᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠭᠤ ᠭᠠᠵᠠᠷ᠎ᠢ ᠬᠠᠮᠠᠭ᠋ᠠᠯᠠᠬᠤ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 《ᠣᠶ ᠰᠢᠭᠤᠶ ᠵᠢᠨ ᠡᠬᠢ ᠪᠠᠶᠠᠯᠢᠭ᠎ᠢ ᠡᠪᠳᠡᠭᠰᠡᠨ ᠡᠷᠡᠭᠦᠦ ᠵᠢᠨ ᠬᠡᠷᠡᠭ᠎ᠢ ᠰᠢᠭᠦᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠶ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠲᠠᠶ᠋ᠢᠯᠪᠤᠷᠢᠯᠠᠯᠲᠠ》 《ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠶ ᠠᠷᠠᠳ᠎ᠤᠨ ᠳᠡᠭᠡᠳᠦ ᠰᠢᠭᠦᠬᠦ ᠬᠣᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ ᠲᠠᠶ᠋ᠢᠯᠪᠤᠷᠢᠯᠠᠯᠲᠠ》 《ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠡᠷᠡᠭ᠎ᠤᠨ ᠲᠥᠷᠥᠯ ᠬᠡᠯᠪᠡᠷᠢ ᠵᠢᠨ ᠲᠣᠭᠲᠠᠭ᠋ᠠᠯ》 ᠵᠡᠷᠭᠡ ᠬᠠᠤᠯᠢ ᠴᠠᠭ᠋ᠠᠵᠠ ᠵᠢ ᠦᠨᠳᠦᠰᠦᠯᠡᠨ᠂ ᠬᠠᠤᠯᠢ ᠲᠦᠷᠢᠮ᠂ ᠲᠦᠷᠢᠮ ᠲᠣᠭᠲᠠᠭ᠋ᠠᠯ ᠵᠢᠴᠢ ᠬᠠᠤᠯᠢ ᠪᠠᠷᠢᠬᠤ ᠲᠠᠶ᠋ᠢᠯᠪᠤᠷᠢᠯᠠᠯᠲᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤ᠋ ᠨᠤᠲᠤᠭ ᠪᠡᠯᠴᠢᠭᠡᠷ᠎ᠤᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ᠂ ᠮᠠᠨ᠎ᠤ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠲᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ》 ᠵᠢ ᠲᠣᠭᠲᠠᠭ᠋ᠠᠪᠠ᠂ 2024 ᠣᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
2021 ᠣᠨ᠎ᠤ 12 ᠰᠠᠷ᠎ᠠ ᠵᠢᠨ 23᠎ᠤ ᠡᠳᠦᠷ ᠳᠠᠷᠤᠮᠠᠯᠯᠠᠨ ᠶᠠᠪᠤᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠪᠠᠷᠢᠮᠵᠢᠶ᠎ᠠ》 ᠵᠢ ᠲᠣᠰ 《ᠲᠦᠷᠢᠮ》 ᠪᠠ 《ᠰᠠᠭᠤᠷᠢ ᠪᠠᠷᠢᠮᠵᠢᠶ᠎ᠠ》 ᠵᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠬᠦᠴᠦᠨ ᠥᠬᠡᠶ ᠪᠣᠯᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
2024 ᠣᠨ᠎ᠤ 11 ᠰᠠᠷ᠎ᠠ ᠵᠢᠨ 21᠎ᠤ ᠡᠳᠦᠷ