ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ 2024 ᠣᠨ᠎ᠤ 1 ᠳ᠋ᠦ᠍ᠭᠡᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2024-02-19


   ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠣᠯᠬᠤ ᠶᠡᠷᠦᠩᠬᠡᠶ ᠤᠢ ᠰᠢᠭᠤᠢ ᠵᠢᠨ ᠳᠠᠷᠤᠭ᠎ᠠ 2024 ᠣᠨ᠎ᠤ 1  ᠳ᠋ᠦ᠍ᠭᠡᠷ ᠲᠣᠭ᠋ᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠭᠠᠷ᠎ᠤᠨ ᠥᠰᠥᠭ ᠵᠢᠷᠤᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠭᠤᠤᠯᠳᠠᠯᠭ᠎ᠠ》 ᠵᠢ ᠳᠠᠷᠤᠮᠠᠯᠯᠠᠨ ᠲᠠᠷᠬᠠᠭ᠋ᠠᠵᠤ᠂ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠬᠦ᠂ ᠵᠠᠰᠠᠯᠲᠠ ᠬᠠᠮᠠᠭ᠋ᠠᠯᠠᠯᠲᠠ ᠵᠢ ᠴᠢᠩᠭ᠋ᠠᠳᠬᠠᠬᠤ᠂ ᠪᠠᠲᠤᠯᠠᠭ᠎ᠠ ᠵᠢᠨ ᠠᠵᠢᠯ᠎ᠢ ᠲᠡᠭᠦᠯᠳᠡᠷᠵᠢᠭᠦᠯᠬᠦ ᠵᠡᠷᠭᠡ 3 ᠲᠠᠯ᠎ᠠ᠎ᠠᠴᠠ 2024 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ 17 ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠪᠠ᠃
    ᠶᠡᠷᠦᠩᠬᠡᠶ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠢ ᠴᠢᠩᠭ᠎ᠠ ᠡᠵᠡᠮᠳᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ᠎ᠪᠠᠷ ᠭᠤᠤᠯ ᠰᠢᠪᠲᠤᠯᠬᠤ ᠴᠢᠭᠯᠡᠯ ᠪᠣᠯᠭ᠋ᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠢ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠵᠦ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ᠎ᠤ ᠬᠠᠮᠠᠭ᠋ᠠᠯᠠᠯᠲᠠ ᠵᠢ ᠬᠠᠮᠵᠢᠯᠴᠠᠨ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠶᠡᠷᠦᠩᠬᠡᠢ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ᠂ ᠤᠢ ᠰᠢᠭᠤᠢ ᠵᠢᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠵᠢᠷᠤᠮᠵᠢᠭᠤᠯᠤᠨ ᠭᠦᠢ᠍ᠴᠡᠳᠬᠡᠬᠦ ᠵᠢ ᠦᠷᠭᠦᠯᠵᠢᠯᠡᠨ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠎ᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠠᠮᠲᠤ᠎ᠪᠠᠷ ᠠᠬᠢᠭᠤᠯᠬᠤ ᠠᠷᠭ᠎ᠠ ᠬᠡᠮᠵᠢᠶ᠎ᠡ᠎ᠨᠦᠭᠦᠳ》᠎ᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠣᠷᠣᠨ ᠵᠠᠶ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠰᠦᠪᠡᠭᠴᠢᠯᠡᠵᠦ᠂ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠪᠠᠳᠠᠷᠠᠭᠤᠯᠤᠨ᠎ᠠ᠃ ᠦᠨᠳᠦᠰᠦᠨ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠷᠢᠮᠵᠢᠶᠠᠵᠢᠭᠤᠯᠤᠭᠰᠠᠨ ᠪᠥᠲᠥᠭᠡᠨ ᠪᠠᠶ᠋ᠢᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠦᠨᠳᠦᠰᠦᠨ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ ᠠᠬᠢᠭᠤᠯᠤᠨ᠂ ᠦᠨᠳᠦᠰᠦᠨ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠵᠣᠯᠭ᠋ᠠᠭᠤᠯᠬᠤ ᠵᠢ ᠰᠠᠶ᠋ᠢᠲᠤᠷ ᠬᠢᠨ᠎ᠡ᠃ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ᠂ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠪᠥᠬᠥ ᠵᠢᠯ᠎ᠳᠤ 300 ᠲᠦᠮᠡᠨ ᠮᠥ᠍᠎ᠠᠴᠠ ᠳᠡᠭᠡᠭᠰᠢ ᠮᠣᠳᠣ ᠳᠠᠷᠢᠵᠤ᠂ 1300 ᠲᠦᠮᠡᠨ ᠮᠥ᠍᠎ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠥ᠍᠎ᠠᠴᠠ ᠳᠡᠭᠡᠭᠰᠢ ᠡᠯᠡᠰᠦ ᠵᠢ ᠰᠡᠷᠭᠡᠶ᠋ᠢᠯᠡᠨ ᠵᠠᠰᠠᠵᠤ᠂ 3000 ᠲᠦᠮᠡᠨ ᠰᠠᠭᠤᠷᠢ᠎ᠠᠴᠠ ᠳᠡᠭᠡᠭᠰᠢ ᠠᠯᠪᠠᠨ ᠵᠢᠷᠤᠮ᠎ᠤᠨ ᠮᠣᠳᠣ ᠳᠠᠷᠢᠬᠤ ᠵᠢ ᠪᠡᠶᠡᠯᠡᠬᠦᠯᠦᠨ᠎ᠡ᠃ ᠭᠤᠷᠪᠠᠨ ᠶᠡᠬᠡ ᠳᠠᠶ᠋ᠢᠯᠠᠯᠳᠤᠭ᠋ᠠᠨ᠎ᠤ ᠣᠷᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠬᠠᠲᠤᠨ ᠭᠤᠤᠯ᠎ᠤᠨ 《  ᠶᠡᠬᠡ ᠲᠣᠬᠣᠶ》 ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ 758 ᠲᠦᠮᠡᠨ ᠮᠥ᠍ ᠪᠡᠶᠡᠯᠡᠭᠦᠯᠵᠦ᠂ ᠬᠣᠷᠴᠢᠨ ᠪᠣᠯᠤᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠯᠠᠯᠳᠤᠭ᠋ᠠᠨ᠎ᠢ 549 ᠲᠦᠮᠡᠨ ᠮᠥ᠍ ᠪᠡᠶᠡᠯᠡᠭᠦᠯᠵᠦ᠂ ᠬᠠᠲᠤᠨ ᠭᠤᠤᠯ᠎ᠤᠨ ᠪᠠᠷᠠᠭᠤᠨ ᠬᠣᠩᠭᠢᠯ ᠲᠠᠺᠯᠢᠮᠠᠺᠠᠨ ᠡᠯᠡᠰᠦᠨ ᠴᠥᠯ᠎ᠤᠨ ᠬᠥᠪᠡᠭᠡ ᠵᠠᠬ᠎ᠠ ᠵᠢᠨ ᠬᠣᠷᠢᠭᠯᠠᠨ ᠴᠣᠬᠢᠬᠤ ᠳᠠᠶ᠋ᠢᠯᠠᠯᠳᠤᠭ᠋ᠠᠨ᠎ᠢ 131 ᠲᠦᠮᠡᠨ ᠮᠥ᠍ ᠪᠡᠶᠡᠯᠡᠭᠦᠯᠪᠡ᠃ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ 2024 ᠣᠨ᠎ᠤ ᠡᠴᠦᠰ ᠪᠣᠯᠬᠤ᠎ᠳᠤ᠂ ᠣᠨᠴᠠᠯᠢᠭᠲᠤ ᠣᠶ ᠰᠢᠭᠤᠶ ᠵᠢᠮᠢᠰ᠂ ᠣᠶ ᠰᠢᠭᠤᠶ ᠵᠢᠨ ᠢᠳᠡᠭᠡᠨ᠎ᠤ ᠵᠦᠢ᠍ᠯ᠂ ᠣᠶ ᠰᠢᠭᠤᠶ ᠨᠤᠲᠤᠭ ᠪᠡᠯᠴᠢᠭᠡᠷ᠎ᠤᠨ ᠬᠢᠲᠠᠳ ᠡᠮ᠎ᠤᠨ ᠮᠠᠲ᠋ᠧᠷᠢᠶᠠᠯ᠂ ᠮᠣᠳᠣᠯᠢᠭ ᠠᠮᠤ ᠲᠣᠰᠣ ᠵᠡᠷᠭᠡ ᠠᠵᠤ ᠠᠬᠤᠶ ᠵᠢᠨ ᠣᠶ ᠵᠢᠨ ᠲᠠᠯᠠᠪᠠᠶ ᠵᠢ 2850 ᠲᠦᠮᠡᠨ ᠮᠥ᠍᠎ᠳᠤ ᠬᠦᠷᠦᠭᠦᠯᠵᠦ᠂ ᠡᠯ᠎ᠡ ᠲᠥᠷᠥᠯ᠎ᠤᠨ ᠠᠵᠤ ᠠᠬᠤᠶ ᠵᠢᠨ ᠣᠶ ᠵᠢᠨ ᠪᠦᠲᠦᠭᠡᠭᠳᠡᠬᠦᠨ᠎ᠤ ᠭᠠᠷᠤᠯᠲᠠ ᠵᠢ 120 ᠲᠦᠮᠡᠨ ᠲᠣᠨ᠎ᠳᠤ ᠬᠦᠷᠦᠭᠦᠯᠬᠦ᠎ᠪᠠᠷ ᠴᠢᠷᠮᠠᠶ᠋ᠢᠨ᠎ᠠ; ᠪᠦᠬᠦ ᠣᠷᠣᠨ᠎ᠤ ᠲᠡᠵᠢᠭᠡᠯ ᠡᠪᠡᠰᠦ ᠲᠠᠷᠢᠬᠤ ᠲᠠᠯᠠᠪᠠᠶ ᠵᠢ 2000 ᠲᠦᠮᠡᠨ ᠮᠦ᠍᠎ᠠᠴᠠ ᠳᠡᠭᠡᠭᠰᠢ ᠪᠠᠶ᠋ᠢᠯᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ 1000  ᠳ᠋ᠦᠩᠰᠢᠭᠤᠷ ᠲᠥᠭᠥᠷᠢᠭ᠎ᠢ ᠳᠠᠪᠠᠭᠤᠯᠤᠨ᠎ᠠ᠃
    ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠱᠠᠭ᠋ᠠᠷᠳᠠᠭᠰᠠᠨ᠎ᠨᠢ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠣᠭᠲᠠᠷᠭᠤᠶ᠎ᠠᠴᠠ ᠠᠵᠢᠭᠯᠠᠬᠤ᠂ ᠭᠠᠵᠠᠷ ᠳᠡᠭᠡᠷ᠎ᠡ᠎ᠠᠴᠠ ᠪᠠᠶ᠋ᠢᠴᠠᠭ᠋ᠠᠬᠤ》 ᠵᠢ ᠨᠡᠶ᠋ᠢᠳᠡᠮ ᠪᠥᠷᠬᠥᠭᠦᠯᠬᠦ ᠬᠡᠯᠪᠡᠷᠢ ᠵᠢᠨ ᠣᠶ ᠰᠢᠭᠤᠶ ᠵᠢᠨ ᠬᠢᠨᠠᠨ ᠪᠠᠢ᠌ᠴᠠᠭ᠋ᠠᠯᠳᠠ ᠪᠠ ᠨᠤᠲᠤᠭ ᠪᠡᠯᠴᠢᠭᠡᠷ᠎ᠤᠨ ᠬᠤᠪᠢᠷᠠᠯᠲᠠ ᠵᠢᠨ ᠵᠢᠷᠤᠭ ᠲᠣᠯᠪᠣ ᠵᠢ ᠬᠠᠷᠭᠤᠭᠤᠯᠤᠨ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠪᠠᠶ᠋ᠢᠭ᠋ᠠᠯᠢ ᠵᠢᠨ ᠣᠶ ᠵᠢ ᠬᠠᠮᠠᠭ᠋ᠠᠯᠠᠬᠤ ᠪᠠ ᠨᠡᠶ᠋ᠢᠲᠡ ᠵᠢᠨ ᠠᠰᠠᠷᠠᠮᠵᠢ ᠵᠢᠨ ᠣᠶ ᠵᠢ ᠬᠠᠮᠢᠶᠠᠷᠬᠤ ᠵᠢ ᠨᠢᠭᠡᠳᠬᠡᠵᠦ᠂ ᠪᠠᠶ᠋ᠢᠭ᠋ᠠᠯᠢ ᠵᠢᠨ ᠨᠤᠲᠤᠭ ᠪᠡᠯᠴᠢᠭᠡᠷ ᠮᠠᠯ ᠪᠡᠯᠴᠢᠭᠡᠷ᠎ᠤᠨ ᠲᠡᠩᠴᠡᠭᠦᠷᠢ ᠵᠢᠨ ᠢᠯᠡᠳᠬᠡᠭᠴᠢ ᠲᠣᠭ᠎ᠠ ᠵᠢ 10 %᠎ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲᠸᠮᠵᠢ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠠᠯᠠᠱ᠌ᠠ ᠠᠭᠤᠯᠠ᠂ ᠳᠠᠯᠠᠨ ᠬᠠᠷ᠎ᠠ ᠠᠭᠤᠯᠠ ᠵᠢᠨ ᠤᠯᠤᠰ᠎ᠤᠨ ᠴᠡᠴᠡᠷᠯᠢᠭ᠎ᠢ ᠢᠳᠡᠪᠬᠢᠲᠡᠶ᠎ᠪᠠᠷ ᠡᠭᠦᠳᠦᠨ ᠪᠠᠶ᠋ᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠵᠢ ᠰᠠᠶ᠋ᠢᠲᠤᠷ ᠠᠳᠬᠤᠵᠤ᠂ ᠭᠠᠯ ᠰᠡᠷᠭᠡᠶ᠋ᠢᠯᠡᠬᠦ ᠲᠤᠤᠷᠴᠢᠯᠠᠭᠰᠠᠨ ᠬᠠᠮᠢᠶᠠᠷᠤᠯᠲᠠ ᠵᠢ ᠲᠡᠭᠦᠯᠳᠡᠷᠵᠢᠭᠦᠯᠦᠨ᠂ ᠭᠠᠯ ᠲᠦᠢ᠍ᠮᠡᠷ᠎ᠢ ᠳᠠᠷᠤᠵᠤ ᠠᠶᠤᠯ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠵᠤ᠂ 《ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ》 ᠵᠢᠨ ᠠᠭᠤᠯᠤᠭᠳᠠᠬᠤᠨ ᠪᠠ ᠴᠠᠭ ᠦᠶ᠎ᠡ ᠵᠢᠨ ᠦᠨ᠎ᠡ ᠥᠷᠲᠡᠭ᠎ᠢ ᠭᠦᠨᠵᠡᠭᠡᠶ ᠰᠤᠳᠤᠯᠤᠨ ᠲᠠᠶ᠋ᠢᠯᠪᠤᠷᠢᠯᠠᠵᠤ᠂ ᠡᠯ᠎ᠡ ᠭᠠᠵᠠᠷ᠎ᠤᠨ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢᠨ ᠦᠷ᠎ᠡ ᠪᠦᠲᠦᠮᠵᠢ ᠪᠠ ᠨᠡᠶ᠋ᠢᠲᠡᠯᠢᠭ ᠠᠷᠭ᠎ᠠ ᠬᠢᠳᠡᠯ᠎ᠢ ᠲᠥᠪᠯᠡᠷᠡᠭᠦᠯᠦᠨ ᠤᠬᠠᠭᠤᠯᠤᠨ ᠮᠡᠳᠡᠭᠡᠯᠡᠵᠦ᠂ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠪᠣᠯᠪᠠᠰᠤᠷᠠᠭᠤᠯᠤᠯ᠎ᠢ ᠱᠠᠲᠤ ᠬᠤᠪᠢᠶᠠᠨ ᠥᠷᠨᠢᠭᠦᠯᠵᠦ᠂ ᠣᠶ ᠰᠢᠭᠤᠢ ᠵᠢᠨ ᠳᠠᠷᠤᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠠ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠬᠦᠯᠦᠨ᠎ᠡ᠃ 《ᠣᠶ ᠰᠢᠭᠤᠢ ᠵᠢᠨ ᠳᠠᠷᠤᠭ᠎ᠠ + ᠭᠤᠤᠯᠳᠠᠯᠭ᠎ᠠ᠎ᠲᠠᠢ ᠠᠵᠢᠯ》᠎ᠢ ᠭᠦᠨᠵᠡᠭᠡᠶ᠋ᠢᠷᠡᠭᠦᠯᠵᠦ᠂ ᠣᠶ ᠰᠢᠭᠤᠢ ᠵᠢᠨ ᠳᠠᠷᠤᠭ᠎ᠠ ᠵᠢᠨ ᠵᠠᠷᠯᠢᠭ ᠪᠠᠭᠤᠯᠭ᠋ᠠᠬᠤ᠂ ᠰᠢᠮᠳᠠᠭᠤᠯᠤᠨ ᠭᠦᠢ᠍ᠴᠡᠳᠬᠡᠬᠦ᠂ ᠮᠡᠳᠡᠭᠡᠯᠡᠬᠦ᠂ ᠪᠣᠯᠵᠣᠨ ᠶᠠᠷᠢᠯᠴᠠᠬᠤ ᠵᠡᠷᠭᠡ ᠲᠣᠭᠲᠠᠴᠠ ᠵᠢ ᠰᠠᠶ᠋ᠢᠲᠤᠷ ᠬᠡᠷᠡᠭᠯᠡᠨ᠎ᠡ᠃ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠂ ᠡᠯ᠎ᠡ ᠭᠠᠵᠠᠷ᠎ᠤᠨ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠰᠢᠯᠭ᠋ᠠᠨ ᠬᠢᠨᠠᠭᠰᠠᠨ ᠦᠷ᠎ᠡ ᠳ᠋ᠦᠩ᠎ᠠᠴᠠ ᠠᠰᠠᠭᠤᠳᠠᠯ ᠡᠷᠢᠬᠦ ᠵᠢ ᠰᠢᠮᠳᠠᠭᠤᠯᠤᠨ ᠵᠢᠯᠣᠭᠣᠳᠴᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ ᠳᠤᠲᠠᠭᠤᠳᠠᠯ᠎ᠢ ᠨᠥᠬᠥᠪᠥᠷᠢᠯᠡᠨ᠂ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠴᠡᠭᠴᠡᠯᠡᠨ ᠰᠠᠶ᠋ᠢᠵᠢᠷᠠᠭᠤᠯᠬᠤ ᠵᠢ ᠠᠳᠬᠤᠵᠤ᠂ ᠪᠦᠬᠦᠯᠢ ᠴᠣᠭᠴᠠ ᠵᠢᠨ ᠠᠵᠢᠯ᠎ᠤᠨ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号