ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ 《ᠬᠤᠵᠢᠷᠯᠢᠭ ᠭᠠᠵᠠᠷ᠎ᠤᠨ ᠶᠡᠷᠦᠩᠬᠡᠶ᠋ᠢᠯᠡᠭᠰᠡᠨ ᠠᠰᠢᠭᠯᠠᠯᠲᠠ ᠵᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-03-15


   
    ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠬᠤᠵᠢᠷᠯᠢᠭ ᠭᠠᠵᠠᠷ᠎ᠤᠨ ᠶᠡᠷᠦᠩᠬᠡᠶ᠋ᠢᠯᠡᠭᠰᠡᠨ ᠠᠰᠢᠭᠯᠠᠯᠲᠠ ᠵᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠪᠠ᠃
    《ᠬᠡᠷᠡᠭᠵᠢᠭᠦᠯᠬᠦ ᠲᠥᠰᠥᠯ》᠎ᠨᠢ ᠮᠠᠨ᠎ᠤ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠤ᠂ ᠢᠯᠠᠩᠭᠤᠶ᠎ᠠ ᠤᠰᠤᠨ᠎ᠤ ᠡᠬᠢ ᠪᠠᠶᠠᠯᠢᠭ᠎ᠤᠨ ᠨᠥᠬᠦᠴᠡᠯ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠬᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠰᠠᠨᠠᠯ》᠎ᠢ ᠨᠠᠶ᠋ᠢᠳᠠᠪᠤᠷᠢᠵᠢᠭᠤᠯᠤᠨ ᠠᠬᠢᠭᠤᠯᠬᠤ ᠪᠠ ᠬᠤᠵᠢᠷᠯᠢᠭ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠵᠢ ᠣᠷᠭ᠋ᠠᠨᠢᠭ ᠵᠶ᠋ᠠᠷ ᠬᠤᠯᠪᠣᠭᠳᠠᠭᠤᠯᠵᠤ᠂ ᠨᠢᠭᠲᠠ ᠤᠶᠠᠯᠳᠤᠭᠤᠯᠤᠨ᠂ ᠭᠤᠣᠯ ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠳᠤᠷᠠᠳᠴᠤ᠂ ᠭᠤᠣᠯᠳᠠᠯᠭ᠎ᠠ᠎ᠲᠠᠢ ᠡᠭᠦᠷᠭᠡ᠎ᠨᠦᠭᠦᠳ᠎ᠢ ᠪᠥᠬᠦᠨ᠎ᠢ ᠪᠠᠭᠲᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠠᠶᠠᠨᠨᠠᠭᠤᠷ᠎ᠲᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠬᠤᠵᠢᠷᠯᠢᠭ ᠭᠠᠵᠠᠷ᠎ᠤᠨ ᠶᠡᠷᠦᠩᠬᠡᠶ᠋ᠢᠯᠡᠭᠰᠡᠨ ᠠᠰᠢᠭᠯᠠᠯᠲᠠ ᠵᠢ ᠴᠢᠩᠭ᠋ᠠᠳᠬᠠᠬᠤ ᠲᠤᠬᠠᠢ ᠴᠢᠬᠤᠯᠠ ᠵᠢᠭ᠋ᠠᠪᠤᠷᠢ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ ᠭᠡᠵᠡᠢ᠃
    《ᠬᠡᠷᠡᠭᠵᠢᠭᠦᠯᠬᠦ ᠲᠥᠰᠥᠯ》᠎ᠳᠤ ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂ 《ᠲᠠᠪᠤᠨ ᠶᠡᠭᠡ ᠡᠭᠦᠷᠭᠡ》 ᠵᠢ ᠠᠬᠢᠭᠤᠯᠬᠤ ᠦᠨᠳᠦᠷᠴᠡ᠎ᠠᠴᠠ ᠬᠤᠵᠢᠷᠯᠢᠭ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠠᠰᠠᠭᠤᠳᠠᠯ᠎ᠢ ᠵᠠᠳᠠᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠠᠯᠠᠮᠵᠢ ᠭᠡᠬᠦ 《ᠵᠠᠩᠭᠢᠯᠠᠭ᠎ᠠ》 ᠵᠢ ᠠᠳᠬᠤᠨ᠂ ᠦᠷ᠎ᠡ ᠡᠳ᠋᠎ᠤᠨ ᠡᠬᠢ ᠪᠠᠶᠠᠯᠢᠭ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠤᠰᠤ ᠵᠢ ᠵᠠᠰᠠᠬᠤ᠂ ᠬᠥᠷᠥᠰᠥ ᠰᠢᠷᠣᠢ ᠵᠢ ᠰᠠᠶ᠋ᠢᠵᠢᠷᠠᠭᠤᠯᠬᠤ᠂ ᠦᠷ᠎ᠡ ᠡᠭᠦᠯᠳᠡᠷ ᠵᠢ ᠰᠠᠶ᠋ᠢᠵᠢᠷᠠᠭᠤᠯᠬᠤ ᠵᠢ ᠵᠣᠬᠢᠴᠠᠯᠳᠤᠭᠤᠯᠤᠨ ᠠᠬᠢᠭᠤᠯᠵᠤ᠂ ᠡᠯ᠎ᠡ ᠲᠥᠷᠥᠯ᠎ᠤᠨ ᠲᠠᠷᠢᠶᠠᠯᠠᠩ᠂ ᠤᠰᠤᠨ ᠠᠰᠢᠭᠯᠠᠯᠲᠠ᠂ ᠠᠮᠢ ᠠᠬᠤᠢ ᠵᠢᠨ ᠲᠥᠷᠥ ᠵᠢᠨ ᠪᠣᠳᠣᠯᠭ᠎ᠠ ᠵᠢ ᠵᠣᠬᠢᠴᠠᠭᠤᠯᠤᠨ ᠬᠠᠮᠵᠢᠯᠴᠠᠭᠤᠯᠵᠤ᠂ ᠭᠤᠷᠪᠠᠨ ᠶᠡᠭᠡ ᠬᠡᠰᠡᠭ ᠣᠷᠣᠨ᠎ᠤ ᠪᠠᠶ᠋ᠢᠳᠠᠯ᠎ᠳᠤ ᠲᠣᠬᠢᠷᠠᠭᠤᠯᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠨ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ ᠭᠡᠵᠡᠢ᠃
    ᠠᠵᠢᠯ᠎ᠤᠨ ᠲᠣᠬᠢᠷᠠᠭᠤᠯᠤᠯᠲᠠ ᠵᠢᠨ ᠲᠠᠯ᠎ᠠ᠎ᠪᠠᠷ᠂ 《ᠬᠡᠷᠡᠭᠵᠢᠭᠦᠯᠬᠦ ᠲᠥᠰᠥᠯ》᠎ᠨᠢ 《ᠡᠮᠬᠢ ᠵᠢᠷᠤᠮ᠎ᠲᠠᠢ》 ᠪᠠᠶ᠋ᠢᠬᠤ ᠵᠢ ᠴᠢᠩᠭ᠋ᠠᠳᠬᠠᠬᠤ ᠵᠢᠨ ᠬᠠᠮᠲᠤ 《ᠬᠦᠴᠦᠲᠡᠢ》 ᠪᠠ 《ᠪᠦᠲᠦᠮᠵᠢᠲᠡᠶ》 ᠵᠢ ᠤᠯᠠᠮ ᠨᠢᠭᠡ ᠠᠯᠬᠤᠮ ᠳᠣᠪᠤᠶ᠋ᠢᠯᠭ᠋ᠠᠵᠤ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠠᠵᠢᠯ᠎ᠤᠨ ᠰᠠᠭᠤᠷᠢ᠎ᠳᠤ ᠰᠠᠭᠤᠷᠢᠯᠠᠨ᠂ ᠡᠬᠢᠯᠡᠯᠲᠡ ᠵᠢᠨ ᠵᠢᠯ᠎ᠳᠤ ᠡᠬᠢᠯᠡᠯᠲᠡ ᠵᠢᠨ ᠬᠠᠨᠳᠤᠰᠢ᠎ᠲᠠᠢ ᠪᠠᠶ᠋ᠢᠬᠤ ᠵᠢ ᠪᠠᠷᠢᠮᠲᠠᠯᠠᠵᠤ᠂ ᠡᠭᠦᠷᠭᠡ ᠵᠢ ᠨᠠᠩ ᠲᠥᠪᠯᠡᠷᠡᠭᠦᠯᠦᠨ᠂ ᠠᠷᠭ᠎ᠠ ᠬᠡᠮᠵᠢᠶ᠎ᠡ ᠵᠢ ᠨᠠᠩ ᠣᠨᠣᠪᠴᠢᠲᠠᠶ᠂ ᠬᠠᠷᠠᠯᠲᠠ ᠵᠢ ᠨᠠᠩ ᠪᠣᠳᠠᠲᠠᠢ ᠪᠣᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ᠎ᠢ ᠬᠡᠷᠡᠭᠵᠢᠭᠦᠯᠬᠦ ᠶᠠᠪᠤᠴᠠ᠎ᠳᠤ᠎ᠪᠠᠨ ᠠᠵᠢᠯᠯᠠᠵᠤ ᠪᠣᠯᠬᠤ᠂ ᠪᠤᠲᠠᠲᠠᠶ᠋ᠢᠵᠢᠭᠤᠯᠵᠤ ᠳᠡᠶ᠋ᠢᠯᠬᠦ ᠪᠠ ᠨᠢᠭᠡᠳᠦᠭᠡᠷ ᠵᠢᠯ᠎ᠳᠤ ᠳᠠᠷᠤᠢ ᠪᠣᠳᠠᠲᠤ ᠦᠷ᠎ᠡ ᠪᠦᠲᠦᠮᠵᠢ ᠣᠯᠵᠤ᠂ ᠦᠷ᠎ᠡ ᠪᠦᠲᠦᠮᠵᠢ᠎ᠲᠠᠢ ᠪᠣᠯᠭ᠋ᠠᠬᠤ᠎ᠪᠠᠷ ᠴᠢᠷᠮᠠᠶ᠋ᠢᠨ᠎ᠠ ᠭᠡᠵᠡᠢ᠃
   

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠭᠤᠣᠯᠳᠠᠯᠭ᠎ᠠ᠎ᠲᠠᠢ ᠮᠡᠷᠭᠡᠵᠢᠯ᠎ᠢ ᠡᠯᠰᠡᠨ ᠳᠡᠯᠭᠡᠷᠡᠭᠦᠯᠬᠦ ᠬᠡᠷᠡᠭᠵᠢᠭᠦᠯᠬᠦ ᠲᠥᠰᠥᠯ》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠬᠢᠨᠠᠨ ᠬᠡᠮᠵᠢᠭᠰᠡᠨ ᠮᠡᠳᠡᠭᠦᠯᠦᠯᠲᠡ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠰᠢᠯᠢᠳᠡᠭ ᠡᠭᠦᠯᠳᠡᠷ᠎ᠤᠨ ᠨᠡᠷᠡᠰ᠎ᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
2024 ᠣᠨ᠎ᠤ ᠡᠪᠡᠰᠦᠨ᠎ᠤ ᠡᠭᠦᠯᠳᠡᠷ᠎ᠤᠨ ᠬᠢᠨᠠᠨ ᠲᠤᠭᠲᠠᠭ᠋ᠠᠬᠤ ᠮᠡᠳᠡᠬᠦᠯᠦᠯᠳᠡ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠬᠤᠷᠠᠯ᠎ᠤᠨ ᠮᠡᠳᠡᠭᠳᠡᠯ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ 2024 ᠣᠨ᠎ᠤ 10 ᠳ᠋ᠤᠭ᠋ᠠᠷ ᠲᠣᠭ᠋ᠠᠲᠤ
 
             蒙ICP备05000248号