ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠂ ᠬᠣᠯᠪᠣᠭᠳᠠᠯ ᠪᠥᠬᠥᠶ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠳᠡᠭᠡᠳᠦ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠪᠣᠯᠬᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠢᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ ᠨᠢᠭᠡᠨᠲᠡ 2023 ᠣᠨ᠎ᠤ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠡᠯ᠎ᠡ ᠵᠦᠢ᠍ᠯ᠎ᠤᠨ ᠠᠵᠢᠯ᠎ᠢ ᠪᠡᠶᠡᠯᠡᠭᠦᠯᠪᠡ᠂ ᠡᠳᠦᠭᠡ 2023 ᠣᠨ᠎ᠳᠤ ᠬᠢᠨᠠᠨ ᠲᠣᠭᠲᠠᠭ᠋ᠠᠵᠤ ᠪᠠᠲᠤᠯᠠᠭᠰᠠᠨ 《ᠪᠠᠶᠠᠨᠭᠣᠣᠯ᠎ᠤᠨ ᠦᠬᠡᠷ ᠬᠠᠷᠠᠭ᠋ᠠᠨ᠎ᠠ ᠵᠢᠨ ᠡᠬᠡ ᠮᠣᠳᠣᠨ᠎ᠤ ᠦᠷ᠎ᠡ》 ᠵᠡᠷᠭᠡ 9 ᠡᠭᠦᠯᠳᠡᠷ᠂ ᠮᠠᠭ᠋ᠠᠳᠯᠠᠨ ᠲᠣᠭᠲᠠᠭ᠋ᠠᠵᠤ ᠪᠠᠲᠤᠯᠠᠭᠰᠠᠨ 《ᠠᠯᠲᠠᠨ ᠭᠦᠩᠵᠦ 7 ᠳ᠋ᠤᠭ᠋ᠠᠷ ᠰᠡᠩᠲᠦᠩ ᠮᠤᠳᠤ》 ᠵᠡᠷᠭᠡ 3 ᠡᠭᠦᠯᠳᠡᠷ᠎ᠢ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠰᠢᠯᠢᠳᠡᠭ ᠡᠭᠦᠯᠳᠡᠷ ᠵᠶ᠋ᠡᠷ ᠨᠡᠶ᠋ᠢᠲᠡᠯᠡᠪᠡ᠃
ᠨᠡᠶ᠋ᠢᠲᠡᠯᠡᠭᠰᠡᠨ ᠡᠳᠦᠷ᠎ᠠᠴᠠ ᠡᠬᠢᠯᠡᠨ᠂ ᠳᠡᠭᠡᠷᠡᠬᠢ 12 ᠵᠦᠢ᠍ᠯ᠎ᠤᠨ ᠡᠭᠦᠯᠳᠡᠷ᠎ᠢ ᠤᠢ ᠮᠣᠳᠣᠨ᠎ᠤ ᠰᠢᠯᠢᠳᠡᠭ ᠡᠭᠦᠯᠳᠡᠷ ᠪᠣᠯᠭ᠋ᠠᠨ ᠬᠡᠷᠡᠭᠯᠡᠵᠦ ᠪᠣᠯᠬᠤ ᠪᠥᠭᠡᠳ ᠲᠠᠷᠢᠬᠤ᠎ᠳᠤ ᠲᠣᠬᠢᠷᠠᠮᠵᠢᠲᠠᠢ ᠬᠡᠪᠴᠢᠶᠡᠨ ᠳᠣᠲᠣᠷ᠎ᠠ ᠳᠡᠯᠭᠡᠷᠡᠭᠦᠯᠦᠨ ᠲᠠᠷᠢᠵᠤ ᠪᠣᠯᠤᠨ᠎ᠠ᠃ ᠡᠭᠦᠨ᠎ᠤ ᠬᠠᠮᠲᠤ᠂ 《ᠭᠤᠷᠤᠬ᠎ᠠ ᠵᠢᠨ ᠨᠠᠷᠠᠰᠤᠨ᠎ᠤ ᠦᠷ᠎ᠡ ᠵᠢᠨ ᠬᠦᠷᠢᠶᠡᠯᠡᠩ᠎ᠤᠨ ᠦᠷ᠎ᠡ》 ᠵᠢᠨ ᠰᠢᠯᠢᠳᠡᠭ ᠡᠭᠦᠯᠳᠡᠷ᠎ᠤᠨ ᠳ᠋ᠤᠭ᠋ᠠᠷ᠎ᠢ 《ᠥᠪᠥᠷ ᠮᠣᠩᠭᠣᠯ᠎ᠤᠨ ᠣᠢ ᠰᠢᠭᠤᠢ ᠵᠢᠨ ᠰᠢᠯᠢᠳᠡᠭ ᠡᠭᠦᠯᠳᠡᠷ᠎ᠤᠨ 4 ᠳ᠋ᠤᠭ᠋ᠠᠷ》 ᠪᠠᠢ᠌ᠭᠰᠠᠨ᠎ᠠᠴᠠ᠎ᠨᠢ ᠦᠭᠡᠷᠡᠴᠢᠯᠡᠨ 《ᠦᠪᠦᠷ ᠮᠤᠩᠭᠤᠯ S - CSO (1) PT - 004 - 2000》 ᠭᠡᠵᠦ᠂ ᠰᠢᠯᠢᠳᠡᠭ ᠡᠭᠦᠯᠳᠡᠷ᠎ᠤᠨ ᠦᠨᠡᠮᠯᠡᠯ᠎ᠢ ᠳᠠᠬᠢᠨ ᠰᠢᠨ᠎ᠡ᠎ᠪᠠᠷ ᠣᠯᠭᠣᠪᠠ᠃
ᠣᠨᠴᠠᠭ᠋ᠠᠶ᠋ᠢᠯᠠᠨ ᠮᠡᠳᠡᠭᠳᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
2024 ᠣᠨ᠎ᠤ 3 ᠳ᠋ᠤᠭ᠋ᠠᠷ ᠰᠠᠷ᠎ᠠ ᠵᠢᠨ 25᠎ᠤ ᠡᠳᠦᠷ