ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ 2024 ᠣᠨ᠎ᠤ 10 ᠳ᠋ᠤᠭ᠋ᠠᠷ ᠲᠣᠭ᠋ᠠᠲᠤ
ᠨᠡᠶ᠋ᠢᠲᠡᠯᠡᠭᠰᠡᠨ ᠴᠠᠭ᠄ 2024-04-16


    ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠵᠦᠢ᠍ᠯᠡᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠠᠵᠢᠯ᠎ᠤᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 《ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠨᠠᠶ᠋ᠢᠳᠠᠵᠤ ᠬᠡᠷᠡᠭᠵᠢᠭᠦᠯᠬᠦ ᠣᠶ ᠰᠢᠭᠤᠶ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠵᠠᠷᠯᠢᠭ 45 ᠳ᠋ᠤᠭ᠋ᠠᠷ ᠲᠣᠭ᠋ᠠᠲᠤ) ᠵᠢ ᠦᠨᠳᠦᠰᠦᠯᠡᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠠᠶ᠋ᠢᠳᠠᠵᠤ  ᠨᠢᠭᠡ ᠪᠦᠯᠦᠭ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢ᠊ ᠵᠦᠢ᠍ᠯᠡᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ᠎ᠪᠠᠷ ᠲᠣᠭᠲᠠᠪᠠ᠃ ᠣᠳᠣ ᠳᠣᠣᠷᠠᠬᠢ ᠮᠡᠲᠦ ᠵᠠᠷᠯᠠᠶ᠎ᠠ᠄
     ᠨᠢᠭᠡ᠂ ᠨᠠᠶ᠋ᠢᠳᠠᠬᠤ ᠵᠦᠢ᠍ᠯᠡᠰ
     (ᠨᠢᠭᠡ) ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠢᠨᠠᠨ ᠤᠯᠭᠤᠬᠤ᠃
     (ᠬᠣᠶᠠᠷ) ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ ᠳᠣᠲᠣᠷᠠᠬᠢ ᠡᠬᠢ ᠪᠠᠶᠠᠯᠢᠭ᠎ᠢ ᠴᠤᠭᠯᠠᠭᠤᠯᠬᠤ᠂ ᠣᠭᠲᠣᠯᠬᠤ ᠵᠢ ᠬᠢᠨᠠᠨ ᠵᠥᠪᠰᠢᠶᠡᠷᠡᠬᠦ᠃  
     (ᠭᠤᠷᠪᠠ) ᠲᠦᠭᠡᠮᠡᠯᠵᠢᠭᠦᠯᠬᠦ ᠬᠡᠯᠪᠡᠷᠢ ᠵᠢᠨ ᠭᠠᠳᠠᠭ᠋ᠠᠳᠤ᠎ᠠᠴᠠ ᠦᠷ᠎ᠡ ᠣᠷᠣᠭᠤᠯᠵᠤ ᠲᠤᠷᠰᠢᠨ ᠲᠠᠷᠢᠬᠤ ᠴᠢᠬᠢ ᠮᠣᠳᠣᠨ᠎ᠤ ᠬᠦᠷᠢᠶᠡᠯᠡᠩ᠎ᠤᠨ ᠬᠢᠷᠢ ᠬᠡᠮ᠎ᠢ ᠦᠨᠡᠯᠡᠨ ᠲᠤᠭᠲᠠᠭ᠋ᠠᠬᠤ᠃
     ᠬᠣᠶᠠᠷ᠂  ᠨᠠᠢ᠌ᠲᠠᠯᠠᠭ᠎ᠠ ᠵᠢᠨ ᠴᠠᠭ ᠬᠤᠭᠤᠴᠠᠭ᠎ᠠ

     2024 ᠣᠨ᠎ᠤ 4 ᠰᠠᠷ᠎ᠠ ᠵᠢᠨ 1᠎ᠤ ᠡᠳᠦᠷ 2027 ᠣᠨ᠎ᠤ 3 ᠰᠠᠷ᠎ᠠ ᠵᠢᠨ 31᠎ᠤ ᠡᠳᠦᠷ 
     ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠨᠠᠶ᠋ᠢᠳᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠳ᠎ᠢ ᠬᠤᠪᠢᠷᠠᠭᠤᠯᠬᠤ᠂ ᠵᠣᠭᠰᠣᠭ᠋ᠠᠬᠤ ᠪᠤᠶᠤ ᠵᠣᠭᠰᠣᠭ᠋ᠠᠵᠤ ᠪᠣᠯᠬᠤ ᠪᠥᠭᠡᠳ ᠴᠠᠭ ᠲᠤᠬᠠᠶ᠎ᠳᠤᠨᠢ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
     ᠭᠤᠷᠪᠠ᠂ ᠮᠡᠳᠡᠭᠦᠯᠬᠦ ᠠᠷᠭ᠎ᠠ ᠮᠠᠶᠢᠭ 

     《ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ》 ᠵᠦᠢ᠍ᠯᠡᠰ᠎ᠤᠨ ᠭᠤᠶᠤᠴᠢᠯᠠᠭᠴᠢ᠎ᠨᠢ ᠳᠠᠩᠰᠠᠯᠠᠭᠤᠯᠤᠭᠰᠠᠨ ᠭᠠᠵᠠᠷ᠎ᠤᠨ ᠨᠠᠢ᠌ᠳᠠᠯᠭ᠎ᠠ ᠬᠦᠯᠢᠶᠡᠭᠰᠡᠨ ᠪᠠᠶ᠋ᠢᠭᠤᠯᠭ᠎ᠠ᠎ᠳᠤ ᠭᠤᠶᠤᠴᠢᠯᠠᠨ ᠭᠦᠢ᠍ᠴᠡᠳᠬᠡᠬᠦ ᠬᠡᠷᠡᠭᠲᠡᠶ; 《ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ ᠳᠣᠲᠣᠷᠠᠬᠢ ᠡᠬᠢ ᠪᠠᠶᠠᠯᠢᠭ᠎ᠢ ᠴᠤᠭᠯᠠᠭᠤᠯᠬᠤ᠂ ᠣᠭᠲᠣᠯᠬᠤ ᠵᠢ ᠬᠢᠨᠠᠨ ᠵᠥᠪᠰᠢᠶᠡᠷᠡᠬᠦ》 ᠵᠦᠢ᠍ᠯᠡᠰ᠎ᠤᠨ ᠭᠤᠶᠤᠴᠢᠯᠠᠭᠴᠢ ᠦᠷ᠎ᠡ ᠡᠳ᠋᠎ᠤᠨ ᠡᠬᠢ ᠪᠠᠶᠠᠯᠢᠭ᠎ᠤᠨ ᠪᠠᠶ᠋ᠢᠭ᠎ᠠ ᠭᠠᠵᠠᠷ᠎ᠤᠨ ᠨᠠᠶ᠋ᠢᠳᠠᠯᠭ᠎ᠠ ᠬᠦᠯᠢᠶᠡᠭᠰᠡᠨ ᠪᠠᠶ᠋ᠢᠭᠤᠯᠭ᠎ᠠ᠎ᠳᠤ ᠭᠤᠶᠤᠴᠢᠯᠠᠨ ᠭᠦᠢ᠍ᠴᠡᠳᠬᠡᠬᠦ ᠬᠡᠷᠡᠭᠲᠡᠶ; 《ᠲᠦᠭᠡᠮᠡᠯᠵᠢᠭᠦᠯᠬᠦ ᠬᠡᠯᠪᠡᠷᠢ ᠵᠢᠨ ᠭᠠᠳᠠᠭ᠋ᠠᠳᠤ᠎ᠠᠴᠠ ᠦᠷ᠎ᠡ ᠣᠷᠣᠭᠤᠯᠵᠤ ᠲᠤᠷᠰᠢᠨ ᠲᠠᠷᠢᠬᠤ ᠵᠤᠯᠵᠠᠭ᠎ᠠ ᠮᠣᠳᠣᠨ᠎ᠤ ᠬᠦᠷᠢᠶᠡᠯᠡᠩ᠎ᠤᠨ ᠬᠢᠷᠢ ᠬᠡᠮ᠎ᠢ ᠦᠨᠡᠯᠡᠨ ᠲᠤᠭᠲᠠᠭ᠋ᠠᠬᠤ》 ᠵᠦᠢ᠍ᠯ᠎ᠤᠨ ᠭᠤᠶᠤᠴᠢᠯᠠᠭᠴᠢ᠎ᠨᠢ ᠴᠢᠬᠢ ᠮᠣᠳᠣᠨ᠎ᠤ ᠬᠦᠷᠢᠶᠡᠯᠡᠩ᠎ᠤᠨ ᠪᠠᠶ᠋ᠢᠭ᠎ᠠ ᠭᠠᠵᠠᠷ᠎ᠤᠨ ᠨᠠᠶ᠋ᠢᠳᠠᠯᠭ᠎ᠠ ᠬᠦᠯᠢᠶᠡᠭᠰᠡᠨ ᠪᠠᠶ᠋ᠢᠭᠤᠯᠭ᠎ᠠ᠎ᠳᠤ ᠭᠤᠶᠤᠴᠢᠯᠠᠨ ᠭᠦᠢ᠍ᠴᠡᠳᠬᠡᠬᠦ ᠬᠡᠷᠡᠭᠲᠡᠶ᠃ ᠨᠠᠶ᠋ᠢᠳᠠᠯᠭ᠎ᠠ ᠬᠦᠯᠢᠶᠡᠭᠰᠡᠨ ᠪᠠᠶ᠋ᠢᠭᠤᠯᠭ᠎ᠠ ᠵᠢᠨ ᠨᠡᠷᠡᠶ᠋ᠢᠳᠦᠯ᠂ ᠬᠠᠶᠢᠭ᠂ ᠬᠠᠷᠢᠯᠴᠠᠬᠤ ᠠᠷᠭ᠎ᠠ ᠮᠠᠶᠢᠭ᠎ᠢ ᠳᠠᠭ᠋ᠠᠯᠳᠤᠭᠤᠯᠤᠯ᠎ᠳᠤ ᠦᠵᠡ᠃ 
      ᠳᠥᠷᠪᠡ᠂ ᠬᠢᠨᠠᠯᠲᠠ ᠬᠠᠮᠢᠶᠠᠷᠤᠯᠲᠠ 

      ᠨᠠᠶ᠋ᠢᠳᠠᠯᠭ᠎ᠠ ᠬᠦᠯᠢᠶᠡᠭᠰᠡᠨ ᠪᠠᠶ᠋ᠢᠭᠤᠯᠭ᠎ᠠ᠎ᠨᠢ ᠵᠥᠪᠰᠢᠶᠡᠷᠡᠭᠳᠡᠭᠴᠢ᠎ᠳᠤ ᠵᠥᠪᠰᠢᠶᠡᠷᠡᠯ᠎ᠤᠨ ᠪᠢᠴᠢᠭ᠎ᠢ ᠬᠦᠷᠭᠡᠬᠦ᠎ᠳᠡᠭᠡᠨ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠵᠡᠷᠭᠡ᠎ᠳᠤᠨᠢ ᠬᠠᠭᠤᠯᠤᠨ ᠬᠦᠷᠭᠡᠬᠦ ᠬᠡᠷᠡᠭᠲᠡᠶ᠃ ᠡᠭᠦᠨ᠎ᠳᠤ᠂ 《ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ  ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠠᠷᠭᠤᠭᠤᠯᠤᠨ ᠣᠯᠭᠣᠬᠤ》 ᠵᠢ ᠭᠦᠢ᠍ᠴᠡᠳᠬᠡᠬᠦ᠎ᠳᠤ ᠪᠠᠰᠠ 5 ᠠᠵᠢᠯᠯᠠᠬᠤ ᠡᠳᠦᠷ᠎ᠤᠨ ᠳᠣᠲᠣᠷ᠎ᠠ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠭᠤᠶᠤᠴᠢᠯᠠᠭᠰᠠᠨ ᠮᠡᠳᠡᠭᠡ ᠵᠠᠩᠭᠢ ᠵᠢᠴᠢ ᠦᠨᠡᠮᠯᠡᠯ ᠣᠯᠭᠣᠭᠰᠠᠨ ᠮᠡᠳᠡᠭᠡ ᠵᠠᠩᠭᠢ ᠵᠢ ᠪᠢᠴᠢᠵᠦ ᠣᠷᠣᠭᠤᠯᠬᠤ ᠬᠡᠷᠡᠭᠲᠡᠶ᠃ ᠨᠠᠶ᠋ᠢᠳᠠᠯᠭ᠎ᠠ ᠬᠦᠯᠢᠶᠡᠭᠰᠡᠨ  ᠪᠠᠢ᠌ᠭᠤᠯᠭ᠎ᠠ᠎ᠨᠢ ᠵᠢᠯ ᠪᠦᠷᠢ ᠵᠢᠨ 1 ᠰᠠᠷ᠎ᠠ ᠵᠢᠨ 20᠎ᠤ ᠡᠳᠦᠷ᠎ᠠᠴᠠ ᠡᠮᠦᠨ᠎ᠡ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠳᠡᠭᠡᠷ᠎ᠡ ᠵᠢᠯ᠎ᠤᠨ ᠬᠢᠨᠠᠨ ᠵᠥᠪᠰᠢᠶᠡᠷᠡᠭᠰᠡᠨ ᠪᠠᠶ᠋ᠢᠳᠠᠯ᠎ᠤᠨ ᠲᠣᠭ᠎ᠠ ᠪᠠᠷᠢᠮᠲᠠ ᠵᠢᠴᠢ ᠠᠵᠢᠯ᠎ᠤᠨ ᠳ᠋ᠦᠩᠨᠡᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠨᠠᠶ᠋ᠢᠳᠠᠯᠭ᠎ᠠ᠎ᠪᠠᠷ ᠬᠢᠨᠠᠯᠲᠠ ᠲᠠᠯᠪᠢᠬᠤ ᠠᠷᠭ᠎ᠠ》 ᠵᠢ ᠦᠨᠳᠦᠰᠦᠯᠡᠨ ᠨᠠᠶ᠋ᠢᠳᠠᠯᠭ᠎ᠠ ᠬᠦᠯᠢᠶᠡᠭᠰᠡᠨ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠵᠥᠪᠰᠢᠶᠡᠷᠡᠭᠳᠡᠭᠴᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃
     ᠲᠠᠪᠤ᠂ ᠪᠤᠰᠤᠳ ᠵᠦᠢ᠍ᠯᠡᠰ 

      ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ 2024 ᠣᠨ᠎ᠤ 3 ᠰᠠᠷ᠎ᠠ ᠵᠢᠨ 31᠎ᠤ ᠡᠳᠦᠷ᠎ᠠᠴᠠ ᠡᠮᠦᠨ᠎ᠡ ᠭᠥᠯᠢᠶᠡᠨ ᠠᠪᠴᠤ  ᠰᠢᠢ᠍ᠳᠪᠦᠷᠢᠯᠡᠬᠦ ᠭᠤᠶᠤᠴᠢᠯᠠᠯ᠎ᠢ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠦᠷᠭᠦᠯᠵᠢᠯᠡᠨ ᠭᠦᠢ᠍ᠴᠡᠳᠬᠡᠨ᠎ᠡ᠃ 2024 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠣᠰ ᠠᠯᠪᠠᠨ ᠵᠠᠷ᠎ᠲᠤ ᠨᠠᠶ᠋ᠢᠳᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃ ᠡᠯ᠎ᠡ ᠨᠠᠶ᠋ᠢᠳᠠᠯᠭ᠎ᠠ ᠬᠦᠯᠢᠶᠡᠭᠰᠡᠨ ᠪᠠᠶ᠋ᠢᠭᠤᠯᠭ᠎ᠠ ᠲᠣᠰ ᠠᠯᠪᠠᠨ ᠵᠠᠷ ᠶᠣᠰᠣᠭ᠋ᠠᠷ ᠳᠡᠭᠡᠷ᠎ᠡ ᠳᠤᠷᠠᠳᠤᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ  ᠰᠢᠢ᠍ᠳᠪᠦᠷᠢᠯᠡᠬᠦ ᠵᠢᠨ ᠬᠠᠮᠲᠤ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠭᠦᠢ᠍ᠴᠡᠳᠬᠡᠬᠦ ᠵᠦᠭᠯᠡᠭᠦᠷ (2023 ᠣᠨ᠎ᠤ ᠬᠡᠪᠯᠡᠯ)》 (ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ 2023 ᠣᠨ᠎ᠤ 11 ᠳ᠋ᠦ᠍ᠭᠡᠷ ᠲᠣᠭ᠋ᠠᠲᠤ)᠎ᠢ ᠦᠨᠳᠦᠰᠦᠯᠡᠨ ᠬᠢᠨᠠᠨ ᠬᠠᠷᠭᠤᠭᠤᠯᠵᠤ ᠭᠦᠢ᠍ᠴᠡᠳᠬᠡᠨ᠎ᠡ᠃ ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃
   

      ᠳᠠᠭ᠋ᠠᠯᠳᠤᠭᠤᠯᠤᠯ᠄ ᠨᠠᠶ᠋ᠢᠳᠠᠯᠭ᠎ᠠ ᠬᠦᠯᠢᠶᠡᠭᠰᠡᠨ ᠪᠠᠶ᠋ᠢᠭᠤᠯᠭ᠎ᠠ ᠵᠢᠨ ᠨᠡᠷᠡᠶ᠋ᠢᠳᠦᠯ᠂ ᠬᠠᠶᠢᠭ᠂ ᠬᠠᠷᠢᠯᠴᠠᠬᠤ ᠠᠷᠭ᠎ᠠ ᠮᠠᠶᠢᠭ
    


               ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
                  2023 ᠣᠨ᠎ᠤ 3 ᠳ᠋ᠤᠭ᠋ᠠᠷ ᠰᠠᠷ᠎ᠠ ᠵᠢᠨ 29᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ ᠬᠦᠴᠦ᠎ᠪᠠᠨ ᠬᠠᠮᠲᠤᠳᠬᠠᠨ 〈ᠤᠮᠠᠷᠠᠲᠤ ᠵᠢᠨ ᠭᠤᠷᠪᠠᠨ ᠤᠷᠤᠨ〉 ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠰᠠᠨᠠᠯ》 ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠡᠷᠡᠴᠢᠯᠡᠭᠡ ᠰᠣᠨᠣᠰᠬᠤ ᠬᠤᠷᠠᠯ᠎ᠤᠨ ᠠᠯᠪᠠᠨ ᠵᠠᠷ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ᠎ᠢ ᠬᠠᠰᠤᠬᠤ ᠲᠤᠬᠠᠶ ᠵᠠᠷᠯᠠᠯ
ᠣᠶ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠮᠡᠳᠡᠭᠳᠡᠬᠦ ᠪᠢᠴᠢᠭ
ᠪᠥᠬᠥ ᠣᠷᠣᠨ᠎ᠤ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠪᠠᠶ᠋ᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
 
             蒙ICP备05000248号