ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠡᠪᠡᠰᠦᠨ᠎ᠤ ᠡᠭᠦᠯᠳᠡᠷ᠎ᠤᠨ ᠬᠢᠨᠠᠨ ᠲᠤᠭᠲᠠᠭ᠋ᠠᠬᠤ ᠮᠡᠳᠡᠬᠦᠯᠦᠯᠳᠡ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠬᠤᠷᠠᠯ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-04-07

ᠡᠯ᠎ᠡ ᠠᠶ᠋ᠢᠮᠠᠭ ᠬᠣᠲᠠ ᠵᠢᠨ ᠣᠶ ᠰᠢᠭᠤᠶ ᠵᠢᠨ ᠲᠣᠪᠴᠢᠶ᠎ᠠ᠂ ᠮᠠᠨᠵᠤᠤᠷ ᠬᠣᠲᠠ ᠵᠢᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠵᠢᠨ ᠲᠣᠪᠴᠢᠶ᠎ᠠ᠂ ᠡᠷᠢᠶᠡᠨ ᠬᠣᠲᠠ ᠵᠢᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠵᠢᠨ ᠲᠣᠪᠴᠢᠶ᠎ᠠ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠂ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠳᠡᠭᠡᠳᠦ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
   《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ 2024 ᠣᠨ᠎ᠤ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠤᠨ ᠬᠢᠨᠠᠨ  ᠲᠤᠭᠲᠠᠭ᠋ᠠᠬᠤ ᠮᠡᠳᠡᠬᠦᠯᠦᠯᠳᠡ ᠵᠢᠨ ᠠᠵᠢᠯ᠎ᠤᠨ ᠲᠤᠬᠠᠶ ᠳᠣᠣᠷᠠᠬᠢ ᠮᠡᠲᠦ ᠮᠡᠳᠡᠭᠳᠡᠶ᠎ᠡ᠄
     ᠨᠢᠭᠡ᠂ ᠮᠡᠳᠡᠭᠦᠯᠬᠦ ᠡᠲᠡᠭᠡᠳ 

     ᠰᠢᠨᠵᠢᠯᠡᠬᠦ ᠤᠬᠠᠭ᠋ᠠᠨᠴᠢ᠎ᠪᠠᠷ ᠰᠣᠩᠭᠣᠨ ᠪᠣᠶ᠋ᠢᠵᠢᠭᠤᠯᠬᠤ ᠳᠡᠰ ᠳᠠᠷᠠᠭ᠋ᠠᠯᠠᠯ ᠶᠣᠰᠣᠭ᠋ᠠᠷ᠂ ᠣᠷᠣᠨ ᠪᠦᠰᠡ ᠵᠢᠨ ᠲᠤᠷᠰᠢᠯᠲᠠ᠎ᠪᠠᠷ ᠳᠠᠮᠵᠢᠨ᠂ ᠵᠣᠬᠢᠬᠤ ᠣᠷᠣᠨ ᠪᠦᠰᠡ ᠵᠢᠨ ᠳᠣᠲᠣᠷ᠎ᠠ ᠳᠡᠯᠭᠡᠷᠡᠭᠦᠯᠦᠨ ᠬᠡᠷᠡᠭᠯᠡᠬᠦ ᠦᠨ᠎ᠡ ᠥᠷᠲᠡᠭ᠎ᠲᠠᠢ ᠡᠭᠦᠯᠳᠡᠷ ᠵᠢᠴᠢ ᠥᠪᠥᠷ ᠮᠣᠩᠭᠣᠯ ᠣᠷᠣᠨ᠎ᠳᠤ ᠦᠷ᠎ᠡ ᠣᠷᠣᠭᠤᠯᠤᠨ ᠠᠮᠵᠢᠯᠲᠠ᠎ᠲᠠᠢ ᠳᠡᠯᠭᠡᠷᠡᠭᠦᠯᠦᠨ ᠬᠡᠷᠡᠭᠯᠡᠬᠦ᠎ᠪᠠᠷ ᠪᠠᠶ᠋ᠢᠭ᠎ᠠ ᠡᠪᠡᠰᠦᠨ ᠦᠷ᠎ᠡ ᠪᠦᠬᠦᠨ᠎ᠢ ᠴᠥᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠲᠤ ᠭᠤᠶᠤᠴᠢᠯᠠᠯ ᠵᠶ᠋ᠠᠨ ᠳᠤᠷᠠᠳᠴᠤ ᠪᠣᠯᠤᠨ᠎ᠠ᠃
    ᠬᠣᠶᠠᠷ᠂ ᠮᠡᠳᠡᠭᠦᠯᠬᠦ ᠮᠠᠲ᠋ᠧᠷᠢᠶᠠᠯ 

     ᠭᠤᠶᠤᠴᠢᠯᠠᠭᠴᠢ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠭᠤᠶᠤᠴᠢᠯᠠᠯ᠎ᠤᠨ ᠪᠢᠴᠢᠭ》 (ᠳᠠᠭ᠋ᠠᠯᠳᠤᠭᠤᠯᠤᠯ 1) ᠵᠢᠴᠢ ᠬᠠᠮᠢᠶ᠎ᠠ ᠪᠥᠬᠥᠶ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃
    ᠭᠤᠷᠪᠠ᠂ ᠠᠩᠬᠠᠷᠬᠤ ᠵᠦᠢ᠍ᠯᠡᠰ
    1 . ᠭᠤᠶᠤᠴᠢᠯᠠᠭᠴᠢ ᠡᠷᠬᠡᠪᠰᠢ ᠡᠭᠦᠯᠳᠡᠷ ᠭᠤᠶᠤᠴᠢᠯᠠᠨ ᠮᠡᠳᠡᠭᠦᠯᠬᠦ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠤᠨ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠬᠡᠷ᠎ᠲᠤ  ᠤᠷᠭᠤᠯᠳᠠ ᠵᠢᠨ ᠭᠠᠵᠠᠷ᠎ᠤᠨ ᠲᠤᠬᠠᠶ ᠵᠢᠨ ᠲᠠᠯᠠᠪᠠᠶ᠎ᠳᠤ ᠬᠢᠨᠠᠨ ᠲᠣᠭᠲᠠᠭ᠋ᠠᠯᠭ᠋ᠠᠬᠤ ᠭᠤᠶᠤᠴᠢᠯᠠᠯ ᠭᠠᠷᠭ᠋ᠠᠵᠤ᠂ ᠲᠣᠰ ᠵᠢᠯ᠎ᠤᠨ ᠬᠢᠨᠠᠨ ᠲᠣᠭᠲᠠᠭ᠋ᠠᠯᠭ᠋ᠠᠬᠤ ᠭᠤᠶᠤᠴᠢᠯᠠᠯ᠎ᠨᠢ ᠰᠦᠯᠵᠢᠶᠡᠨ ᠳᠡᠭᠡᠷ᠎ᠡ ᠶᠠᠪᠤᠭᠳᠠᠵᠤ᠂ ᠭᠤᠶᠤᠴᠢᠯᠠᠨ ᠮᠡᠳᠡᠭᠦᠯᠬᠦ ᠰᠦᠯᠵᠢᠶᠡᠨ ᠬᠠᠶᠢᠭ᠎ᠨᠢ http᠄ / / 222 . 74 . 207 . 34᠄ 9010 / login ᠪᠣᠯᠤᠨ᠎ᠠ᠃ ᠭᠤᠶᠤᠴᠢᠯᠠᠨ ᠮᠡᠳᠡᠭᠦᠯᠬᠦ ᠰᠢᠰᠲ᠋ᠧᠮ᠎ᠢ 2024 ᠣᠨ᠎ᠤ 5 ᠰᠠᠷ᠎ᠠ ᠵᠢᠨ 1᠎ᠤ ᠡᠳᠦᠷ᠎ᠤᠨ 0 ᠴᠠᠭ᠎ᠠᠴᠠ 2024 ᠣᠨ᠎ᠤ 6  ᠰᠠᠷ᠎ᠠ ᠵᠢᠨ 30᠎ᠤ ᠡᠳᠦᠷ᠎ᠤᠨ 24 ᠴᠠᠭ ᠪᠣᠯᠲᠠᠯ᠎ᠠ ᠴᠢᠯᠥᠭᠡᠲᠡᠶ ᠲᠠᠯᠪᠢᠵᠤ᠂ ᠬᠤᠭᠤᠴᠠᠭ᠎ᠠ᠎ᠨᠢ ᠬᠡᠲᠦᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃ ᠲᠤᠬᠠᠢ ᠵᠢᠨ ᠲᠠᠯᠠᠪᠠᠢ᠎ᠳᠤ ᠬᠢᠨᠠᠨ ᠲᠣᠭᠲᠠᠭ᠋ᠠᠯᠲᠠ ᠬᠢᠯᠭᠡᠬᠦ᠎ᠪᠠᠷ ᠳᠤᠷᠠᠳᠤᠭᠰᠠᠨ ᠴᠠᠭ ᠬᠤᠭᠤᠴᠠᠭ᠎ᠠ ᠪᠣᠯ ᠮᠡᠳᠡᠭᠦᠯᠦᠭᠰᠡᠨ ᠡᠭᠦᠯᠳᠡᠷ᠎ᠤᠨ ᠭᠣᠣᠯ ᠰᠢᠨᠵᠢ ᠪᠠᠶ᠋ᠢᠳᠠᠯ᠎ᠤᠨ ᠢᠯᠡᠷᠡᠯ ᠵᠶ᠋ᠠᠷ ᠬᠠᠮᠤᠭ᠎ᠤᠨ ᠰᠠᠢ᠍ᠢ᠍ᠨ ᠬᠤᠭᠤᠴᠠᠭ᠎ᠠ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠨᠢ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠲᠤᠬᠠᠢ ᠵᠢᠨ ᠲᠠᠯᠠᠪᠠᠢ᠎ᠳᠤ ᠬᠢᠨᠠᠨ ᠲᠣᠭᠲᠠᠭ᠋ᠠᠯᠲᠠ ᠬᠢᠬᠦ ᠵᠢᠨ ᠬᠠᠮᠲᠤ 《ᠡᠪᠡᠰᠦᠨ ᠡᠭᠦᠯᠳᠡᠷ᠎ᠤᠨ  ᠤᠷᠭᠤᠯᠳᠠ ᠵᠢᠨ ᠭᠠᠵᠠᠷ᠎ᠤᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ》 (ᠳᠠᠭ᠋ᠠᠯᠳᠤᠭᠤᠯᠤᠯ 2) ᠬᠢᠵᠦ ᠥᠭᠭᠦᠨ᠎ᠡ; ᠲᠤᠬᠠᠶ ᠵᠢᠨ ᠲᠠᠯᠠᠪᠠᠶ᠎ᠳᠤ ᠰᠢᠯᠭ᠋ᠠᠨ ᠲᠤᠭᠲᠠᠭ᠋ᠠᠭᠰᠠᠨ ᠪᠤᠶᠤ ᠲᠤᠬᠠᠶ ᠵᠢᠨ ᠲᠠᠯᠠᠪᠠᠶ ᠵᠢᠨ ᠰᠢᠯᠭ᠋ᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠨ ᠦᠭᠡᠶ ᠲᠥᠷᠥᠯ ᠵᠦᠢ᠍ᠯ᠎ᠢ ᠲᠤᠬᠠᠶ ᠵᠢᠨ ᠵᠢᠯ᠎ᠳᠤ ᠮᠡᠳᠡᠭᠦᠯᠬᠦ᠎ᠳᠤ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠃ 2 . ᠬᠢᠨᠠᠨ ᠲᠣᠭᠲᠠᠭ᠋ᠠᠯᠲᠠ ᠵᠢ ᠥᠩᠭᠡᠷᠡᠭᠡᠭᠰᠡᠨ ᠭᠤᠶᠤᠴᠢᠯᠠᠭᠴᠢ᠎ᠨᠢ ᠡᠷᠬᠡᠪᠰᠢ ᠲᠣᠭᠲᠠᠭᠰᠠᠨ ᠬᠤᠭᠤᠴᠠᠭ᠋ᠠᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠲᠤ ᠤᠤᠯ᠎ᠤᠨ ᠡᠭᠦᠯᠳᠡᠷ᠎ᠤᠨ 1000 g᠎ᠢ ᠲᠤᠰᠢᠶᠠᠵᠤ᠂ ᠦᠷ᠎ᠡ ᠵᠢᠨ ᠡᠬᠢ ᠪᠠᠶᠠᠯᠢᠭ ᠪᠣᠯᠭ᠋ᠠᠨ ᠬᠠᠳᠠᠭ᠋ᠠᠯᠠᠬᠤ ᠬᠡᠷᠡᠭᠲᠡᠢ᠃
    ᠳᠥᠷᠪᠡ᠂ ᠮᠡᠳᠡᠭᠦᠯᠬᠦ ᠮᠠᠲ᠋ᠧᠷᠢᠶᠠᠯ᠎ᠢ ᠲᠤᠰᠢᠶᠠᠬᠤ
    1 . ᠭᠤᠶᠤᠴᠢᠯᠠᠭᠴᠢ᠎ᠠᠴᠠ ᠡᠪᠡᠰᠦᠨ᠎ᠤ ᠲᠥᠷᠥᠯ ᠵᠦᠢ᠍ᠯ᠎ᠤᠨ ᠭᠤᠶᠤᠴᠢᠯᠠᠨ ᠮᠡᠳᠡᠭᠦᠯᠬᠦ ᠪᠢᠴᠢᠭ᠎ᠪᠠᠨ᠎ᠢ ᠰᠦᠯᠵᠢᠶᠡᠨ ᠳᠡᠭᠡᠷ᠎ᠡ ᠲᠤᠰᠢᠶᠠᠨ᠎ᠠ᠃᠂ ᠭᠤᠶᠤᠴᠢᠯᠠᠨ ᠮᠡᠳᠡᠭᠦᠯᠬᠦ ᠰᠦᠯᠵᠢᠶᠡᠨ ᠬᠠᠶᠢᠭ᠎ᠨᠢ http᠄ / / 222 . 74 . 207 . 34᠄ 9010 / login ᠪᠣᠯᠤᠨ᠎ᠠ᠂ ᠭᠤᠶᠤᠴᠢᠯᠠᠨ ᠮᠡᠳᠡᠭᠦᠯᠬᠦ ᠰᠢᠰᠲ᠋ᠧᠮ᠎ᠢ 2024 ᠣᠨ᠎ᠤ 11 ᠰᠠᠷ᠎ᠠ ᠵᠢᠨ 1᠎ᠤ ᠡᠳᠦᠷ᠎ᠤᠨ 0 ᠴᠠᠭ᠎ᠠᠴᠠ 2024 ᠣᠨ᠎ᠤ 11 ᠰᠠᠷ᠎ᠠ ᠵᠢᠨ 20᠎ᠤ ᠡᠳᠦᠷ᠎ᠤᠨ 24 ᠴᠠᠭ ᠪᠣᠯᠲᠠᠯ᠎ᠠ ᠴᠢᠯᠥᠭᠡᠲᠡᠶ ᠲᠠᠯᠪᠢᠵᠤ᠂ ᠬᠤᠭᠤᠴᠠᠭ᠎ᠠ᠎ᠨᠢ ᠬᠡᠲᠦᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃ 2 . ᠭᠤᠶᠤᠴᠢᠯᠠᠯ᠎ᠤᠨ ᠪᠢᠴᠢᠭ᠂ ᠡᠯ᠎ᠡ ᠲᠥᠷᠥᠯ᠎ᠤᠨ ᠮᠡᠳᠡᠭᠦᠯᠦᠯᠲᠡ᠂ ᠵᠢᠷᠤᠭ ᠵᠢᠴᠢ ᠪᠤᠰᠤᠳ ᠳᠠᠭ᠋ᠠᠯᠳᠤᠭᠤᠯᠤᠯ᠎ᠢ ᠬᠠᠮᠲᠤ᠎ᠳᠤᠨᠢ ᠦᠳᠡᠵᠦ ᠳᠡᠪᠲᠡᠷᠯᠡᠬᠦ ᠵᠢᠨ ᠬᠠᠮᠲᠤ ᠲᠠᠮᠠᠭ᠎ᠠ ᠳᠠᠷᠤᠵᠤ᠂ ᠨᠢᠭᠡ ᠶᠠᠩᠵᠤ ᠵᠢᠨ 5 ᠬᠤᠪᠢ (ᠡᠭᠦᠨ᠎ᠳᠤ ᠣᠭ ᠮᠠᠲ᠋ᠧᠷᠢᠶᠠᠯ᠎ᠨᠢ 1 ᠬᠤᠪᠢ) ᠵᠢ 2024 ᠣᠨ᠎ᠤ 11 ᠰᠠᠷ᠎ᠠ ᠵᠢᠨ 30᠎ᠤ ᠡᠳᠦᠷ᠎ᠠᠴᠠ ᠡᠮᠦᠨ᠎ᠡ ᠲᠤᠰᠢᠶᠠᠨ᠎ᠠ᠃
    ᠲᠠᠪᠤ᠂ ᠬᠠᠷᠢᠯᠴᠠᠬᠤ ᠠᠷᠭ᠎ᠠ ᠮᠠᠶᠢᠭ 
    ᠨᠢᠭᠡᠴᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ (ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠬᠡᠷ)
    ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ ᠶᠤᠸᠠᠨ ᠯᠢ ᠭᠤᠳᠤᠮᠵᠢ ᠵᠢᠨ 325 ᠳ᠋ᠤᠭ᠋ᠠᠷ ᠨᠣᠮᠧᠷ᠃
    ᠰᠢᠦᠳᠠᠨ ᠳ᠋ᠤᠭ᠋ᠠᠷ᠄ 010010 
    ᠬᠠᠷᠢᠯᠴᠠᠬᠤ ᠬᠥᠮᠦᠨ᠄ ᠰᠢᠶᠠ ᠬᠣᠩ ᠶᠠᠨ   ᠯᠢ ᠬᠤᠤ ᠹᠸᠩ
ᠬᠠᠷᠢᠯᠴᠠᠬᠤ ᠤᠲᠠᠰᠤ᠄ 0471-234234 15847662383  18586297897
 

    ᠳᠠᠭ᠋ᠠᠯᠳᠤᠭᠤᠯᠤᠯ᠄

    1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠤᠨ ᠭᠤᠶᠤᠴᠢᠯᠠᠯ᠎ᠤᠨ ᠪᠢᠴᠢᠭ
    2 . ᠡᠪᠡᠰᠦᠨ ᠡᠭᠦᠯᠳᠡᠷ᠎ᠤᠨ ᠤᠷᠭᠤᠯᠳᠠ ᠵᠢᠨ ᠭᠠᠵᠠᠷ᠎ᠤᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ

    3 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠲᠥᠷᠥᠯ ᠵᠦᠢ᠍ᠯ᠎ᠢ ᠬᠢᠨᠠᠨ ᠲᠣᠭᠲᠠᠭ᠋ᠠᠬᠤ ᠠᠷᠭ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ 2024 ᠣᠨ᠎ᠤ 10 ᠳ᠋ᠤᠭ᠋ᠠᠷ ᠲᠣᠭ᠋ᠠᠲᠤ
《ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ ᠬᠦᠴᠦ᠎ᠪᠠᠨ ᠬᠠᠮᠲᠤᠳᠬᠠᠨ 〈ᠤᠮᠠᠷᠠᠲᠤ ᠵᠢᠨ ᠭᠤᠷᠪᠠᠨ ᠤᠷᠤᠨ〉 ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠰᠠᠨᠠᠯ》 ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠡᠷᠡᠴᠢᠯᠡᠭᠡ ᠰᠣᠨᠣᠰᠬᠤ ᠬᠤᠷᠠᠯ᠎ᠤᠨ ᠠᠯᠪᠠᠨ ᠵᠠᠷ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ᠎ᠢ ᠬᠠᠰᠤᠬᠤ ᠲᠤᠬᠠᠶ ᠵᠠᠷᠯᠠᠯ
ᠣᠶ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠮᠡᠳᠡᠭᠳᠡᠬᠦ ᠪᠢᠴᠢᠭ
ᠪᠥᠬᠥ ᠣᠷᠣᠨ᠎ᠤ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠪᠠᠶ᠋ᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
 
             蒙ICP备05000248号