ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ ᠬᠦᠴᠦ᠎ᠪᠠᠨ ᠬᠠᠮᠲᠤᠳᠬᠠᠨ 〈ᠤᠮᠠᠷᠠᠲᠤ ᠵᠢᠨ ᠭᠤᠷᠪᠠᠨ ᠤᠷᠤᠨ〉 ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠰᠠᠨᠠᠯ》 ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠡᠷᠡᠴᠢᠯᠡᠭᠡ ᠰᠣᠨᠣᠰᠬᠤ ᠬᠤᠷᠠᠯ᠎ᠤᠨ ᠠᠯᠪᠠᠨ ᠵᠠᠷ
ᠨᠡᠶ᠋ᠢᠲᠡᠯᠡᠭᠰᠡᠨ ᠴᠠᠭ᠄ 2024-05-16

 
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠦᠢ᠍ᠯᠡᠰ᠎ᠤᠨ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠤᠨ ᠠᠵᠢᠯᠯᠠᠭᠤᠯᠬᠤ ᠲᠦᠷᠢᠮ (ᠲᠤᠷᠰᠢᠨ ᠬᠡᠷᠡᠭᠵᠢᠭᠦᠯᠬᠦ)》 (ᠥᠪᠥᠷ ᠲᠣᠭᠲᠠᠭᠤᠨ ᠲᠠᠷᠬᠠᠭ᠋ᠠᠭᠰᠠᠨ [2016]1  ᠳ᠋ᠦ᠍ᠭᠡᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ  ᠰᠢᠢ᠍ᠳᠪᠦᠷᠢᠲᠦ ᠪᠣᠳᠣᠯᠭ᠎ᠠ ᠵᠢᠨ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠠᠷᠭ᠎ᠠ》 (ᠥᠪᠥᠷ ᠨᠠᠮ ᠠᠯᠪᠠᠨ ᠲᠠᠷᠬᠠᠭ᠋ᠠᠭᠰᠠᠨ[2021]7 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ 《ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ ᠬᠦᠴᠦ᠎ᠪᠠᠨ ᠬᠠᠮᠲᠤᠳᠬᠠᠨ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠰᠠᠨᠠᠯ》᠎ᠤᠨ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠡᠷᠡᠴᠢᠯᠡᠭᠡ ᠰᠣᠨᠣᠰᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠵᠠᠷᠯᠠᠪᠠ᠄
      ᠨᠢᠭᠡ᠂ ᠬᠤᠷᠠᠯ᠎ᠤᠨ ᠴᠠᠭ᠄
     2024 ᠣᠨ᠎ᠤ 5 ᠰᠠᠷ᠎ᠠ ᠵᠢᠨ 20᠎ᠤ ᠡᠳᠦᠷ (ᠭᠠᠷᠠᠭ᠎ᠤᠨ ᠨᠢᠭᠡᠨ)᠎ᠤᠨ ᠦᠳᠡ ᠵᠢᠨ ᠡᠮᠦᠨ᠎ᠡ  09᠄ 30—12᠄ 00
     ᠬᠣᠶᠠᠷ᠂ ᠬᠤᠷᠠᠯ ᠬᠢᠬᠦ ᠭᠠᠵᠠᠷ᠄

    ᠵᠢᠨ ᠢ ᠪᠠᠭᠤᠳᠠᠯ (ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠠᠵᠠᠭᠤᠳᠠᠬᠢ)᠎ᠤᠨ ᠶᠢᠰᠦᠳᠦᠭᠡᠷ ᠳᠠᠪᠬᠤᠷᠯᠢᠭ᠎ᠤᠨ ᠬᠤᠷᠠᠯ᠎ᠤᠨ ᠬᠡᠷ
     ᠭᠤᠷᠪᠠ᠂ ᠭᠡᠷᠡᠴᠢᠯᠡᠭᠡ ᠰᠣᠨᠣᠰᠬᠤ ᠬᠤᠷᠠᠯ᠎ᠤᠨ ᠵᠦᠢ᠍ᠯᠡᠰ᠄
     ᠭᠡᠷᠡᠴᠢᠯᠡᠭᠡ ᠰᠣᠨᠣᠰᠬᠤ ᠬᠤᠷᠠᠯ᠎ᠤᠨ ᠠᠵᠢᠯᠲᠠᠳ 《ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ ᠬᠦᠴᠦ᠎ᠪᠠᠨ ᠬᠠᠮᠲᠤᠳᠬᠠᠨ 〈ᠤᠮᠠᠷᠠᠲᠤ ᠵᠢᠨ ᠭᠤᠷᠪᠠᠨ ᠤᠷᠤᠨ〉 ᠎ᠤ ᠢᠨᠵᠧᠨᠧᠷᠢᠩ᠎ᠤᠨ ᠪᠤᠭᠤᠮᠳᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠰᠠᠨᠠᠯ》᠎ᠤᠨ ᠨᠡᠶ᠋ᠢᠭᠡᠮ᠎ᠢ ᠲᠣᠭᠲᠠᠭᠤᠨ ᠪᠠᠶ᠋ᠢᠯᠭ᠋ᠠᠬᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠤᠨ ᠲᠤᠬᠠᠶ ᠰᠠᠨᠠᠯ᠂ ᠰᠠᠨᠠᠭᠤᠯᠭ᠎ᠠ ᠵᠢ ᠰᠣᠨᠣᠰᠬᠤ ᠵᠢᠨ ᠬᠠᠮᠲᠤ ᠯᠠᠪᠯᠠᠯᠭ᠎ᠠ ᠵᠢ ᠬᠦᠯᠢᠶᠡᠨ ᠠᠪᠤᠨ᠎ᠠ᠃
      ᠲᠦᠷᠪᠡ᠂ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ᠄
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠳᠤ ᠬᠤᠯᠪᠤᠭᠳᠠᠬᠤ ᠭᠤᠤᠯ ᠪᠣᠯᠬᠤ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠥᠯᠥᠭᠡᠯᠡᠭᠴᠢ᠂ ᠡᠯ᠎ᠡ ᠭᠠᠵᠠᠷ ᠣᠷᠣᠨ᠎ᠤ ᠲᠣᠰ ᠰᠠᠨᠠᠯ᠎ᠢ ᠬᠡᠷᠡᠭᠵᠢᠭᠦᠯᠬᠦ ᠬᠡᠪᠴᠢᠶᠡᠨ᠎ᠳᠠᠬᠢ ᠭᠤᠤᠯ ᠪᠣᠯᠬᠤ ᠠᠰᠢᠭ ᠲᠤᠰᠠ ᠵᠢᠨ ᠬᠠᠮᠲᠤᠯᠢᠭ᠎ᠤᠨ ᠲᠥᠯᠥᠭᠡᠯᠡᠭᠴᠢ᠃
     ᠲᠠᠪᠤ᠂ ᠭᠡᠷᠡᠴᠢᠯᠡᠭᠡ ᠰᠣᠨᠣᠰᠬᠤ ᠬᠤᠷᠠᠯ᠎ᠳᠤ ᠣᠷᠣᠯᠴᠠᠬᠤ᠎ᠳᠤ ᠠᠩᠬᠠᠷᠬᠤ ᠵᠦᠢ᠍ᠯ᠄
     1 . ᠭᠡᠷᠡᠴᠢᠯᠡᠭᠡ ᠰᠣᠨᠣᠰᠬᠤ᠎ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ ᠬᠤᠷᠠᠯ᠎ᠳᠤ ᠴᠠᠭ᠎ᠲᠠᠭᠠᠨ ᠣᠷᠣᠯᠴᠠᠬᠤ ᠬᠡᠷᠡᠭᠲᠡᠶ᠂ ᠬᠣᠵᠢᠭᠳᠠᠪᠠᠯ ᠭᠡᠷᠡᠴᠢᠯᠡᠭᠡ ᠰᠣᠨᠣᠰᠬᠤ ᠡᠷᠬᠡ᠎ᠪᠠᠨ ᠰᠠᠨᠠᠭ᠋ᠠᠴᠢᠯᠠᠭ᠎ᠠ᠎ᠠᠴᠠ᠎ᠪᠠᠨ ᠬᠠᠶᠠᠭᠰᠠᠨ ᠵᠶ᠋ᠠᠷ ᠦᠵᠡᠵᠦ᠂ ᠬᠤᠷᠠᠯ᠎ᠤᠨ ᠲᠠᠯᠠᠪᠠᠶ᠎ᠳᠤ ᠣᠷᠣᠵᠤ ᠪᠣᠯᠬᠤ ᠦᠭᠡᠶ;
     2᠂ ᠭᠡᠷᠡᠴᠢᠯᠡᠭᠡ ᠰᠣᠨᠣᠰᠬᠤ᠎ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ᠎ᠪᠠᠷ ᠪᠠᠶ᠋ᠢᠭ᠎ᠠ ᠵᠦᠢ᠍ᠯᠡᠰ᠎ᠤᠨ ᠴᠢᠬᠤᠯᠠ ᠴᠢᠨᠠᠷ᠂ ᠪᠣᠯᠤᠮᠵᠢᠲᠤ ᠴᠢᠨᠠᠷ ᠵᠢᠴᠢ ᠪᠣᠳᠠᠲᠠᠢ ᠠᠭᠤᠯᠭ᠎ᠠ ᠵᠢᠨ ᠲᠤᠬᠠᠢ ᠰᠠᠨᠠᠯ ᠰᠠᠨᠠᠭᠤᠯᠭ᠎ᠠ ᠳᠤᠷᠠᠳᠬᠤ ᠡᠷᠬᠡ᠎ᠲᠠᠢ;
     3 . ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠨ ᠬᠥᠮᠦᠰ ᠪᠣᠳᠠᠲᠤ ᠬᠡᠷᠡᠭ᠎ᠲᠤ ᠦᠨᠡᠨᠴᠢ ᠪᠠᠶ᠋ᠢᠵᠤ᠂ ᠲᠥᠯᠥᠭᠡᠯᠡᠵᠦ ᠪᠠᠶ᠋ᠢᠭ᠎ᠠ ᠠᠷᠠᠳ ᠢᠷᠭᠡᠨ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠰᠠᠨᠠᠯ᠎ᠢ ᠦᠨᠡᠨ ᠪᠤᠳᠠᠳᠠᠢ᠎ᠪᠠᠷ ᠲᠤᠰᠬᠠᠬᠤ ᠬᠡᠷᠡᠭᠲᠡᠢ᠃ 
      ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃
                                    

           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

            ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
                                                      

                   2024 ᠣᠨ᠎ᠤ 5 ᠰᠠᠷ᠎ᠠ ᠵᠢᠨ 12᠎ᠤᠨ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ᠎ᠢ ᠬᠠᠰᠤᠬᠤ ᠲᠤᠬᠠᠶ ᠵᠠᠷᠯᠠᠯ
ᠣᠶ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠮᠡᠳᠡᠭᠳᠡᠬᠦ ᠪᠢᠴᠢᠭ
ᠪᠥᠬᠥ ᠣᠷᠣᠨ᠎ᠤ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠪᠠᠶ᠋ᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
 
             蒙ICP备05000248号