ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠂ ᠬᠣᠯᠪᠣᠭᠳᠠᠯ ᠪᠥᠬᠥᠶ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠳᠡᠭᠡᠳᠦ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠪᠣᠯᠬᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠢᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ ᠨᠢᠭᠡᠨᠲᠡ 2024 ᠣᠨ᠎ᠤ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠡᠯ᠎ᠡ ᠵᠦᠢ᠍ᠯ᠎ᠤᠨ ᠠᠵᠢᠯ᠎ᠢ ᠪᠡᠶᠡᠯᠡᠭᠦᠯᠪᠡ᠂ ᠡᠳᠦᠭᠡ 2024 ᠣᠨ᠎ᠳᠤ ᠬᠢᠨᠠᠨ ᠲᠣᠭᠲᠠᠭ᠋ᠠᠵᠤ ᠪᠠᠲᠤᠯᠠᠭᠰᠠᠨ 《〈ᠸᠠᠩ ᠯᠢᠨ Ⅰ ᠨᠤᠮᠸᠷᠲᠤ〉ᠬᠠᠶ᠋ᠢᠯᠠᠷ ᠨᠠᠷᠠᠰᠤ ᠵᠢᠨ ᠡᠭᠦᠯᠳᠡᠷ》 ᠵᠡᠷᠭᠡ 16 ᠡᠭᠦᠯᠳᠡᠷ᠂ ᠮᠠᠭ᠋ᠠᠳᠯᠠᠨ ᠲᠣᠭᠲᠠᠭ᠋ᠠᠵᠤ ᠪᠠᠲᠤᠯᠠᠭᠰᠠᠨ 《 ᠱᠠ ᠯᠠᠨ Ⅰ ᠨᠤᠮᠸᠷᠲᠤ》 ᠵᠢᠨ ᠭᠠᠴᠤᠷ᠎ᠠ ᠵᠢᠨ ᠡᠭᠦᠯᠳᠡᠷ》 ᠵᠡᠷᠭᠡ 4 ᠡᠭᠦᠯᠳᠡᠷ᠎ᠢ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠰᠢᠯᠢᠳᠡᠭ ᠡᠭᠦᠯᠳᠡᠷ ᠵᠶ᠋ᠡᠷ ᠨᠡᠶ᠋ᠢᠲᠡᠯᠡᠪᠡ᠃
ᠨᠡᠶ᠋ᠢᠲᠡᠯᠡᠭᠰᠡᠨ ᠡᠳᠦᠷ᠎ᠠᠴᠠ ᠡᠬᠢᠯᠡᠨ ᠳᠡᠭᠡᠷᠡᠬᠢ 20 ᠡᠭᠦᠯᠳᠡᠷ᠎ᠢ ᠤᠢ ᠮᠣᠳᠣᠨ᠎ᠤ ᠰᠢᠯᠢᠳᠡᠭ ᠡᠭᠦᠯᠳᠡᠷ ᠪᠣᠯᠭ᠋ᠠᠨ ᠬᠡᠷᠡᠭᠯᠡᠵᠦ ᠪᠣᠯᠬᠤ ᠪᠥᠭᠡᠳ ᠲᠤᠬᠢᠷᠠᠮᠵᠢᠳᠡᠢ ᠤᠷᠤᠨ ᠪᠦᠰᠡ᠎ᠳᠤ ᠲᠡᠷᠢᠵᠦ ᠤᠷᠭᠤᠭᠤᠯᠵᠦ ᠪᠣᠯᠤᠨ᠎ᠠ᠃ ᠣᠨᠴᠠᠭ᠋ᠠᠶ᠋ᠢᠯᠠᠨ ᠮᠡᠳᠡᠭᠳᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
2025 ᠣᠨ᠎ᠤ 3 ᠰᠠᠷ᠎ᠠ ᠵᠢᠨ 27᠎ᠤ ᠡᠳᠦᠷ