ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2025 ᠣᠨ᠎ᠤ ᠡᠪᠡᠰᠦᠨ᠎ᠤ ᠡᠭᠦᠯᠳᠡᠷ᠎ᠤᠨ ᠡᠬᠡ ᠡᠭᠦᠯᠳᠡᠷ᠎ᠤᠨ ᠬᠠᠳᠠᠭ᠋ᠠᠯᠠᠯᠳᠠ ᠪᠠ ᠦᠷᠡᠵᠢᠬᠦᠯᠦᠯᠲᠡ ᠵᠢᠨ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠡᠭᠦᠯᠳᠡᠷ᠎ᠤᠨ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠬᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-05-15

   2025 ᠣᠨ᠎ᠤ ᠡᠪᠡᠰᠦᠨ᠎ᠤ ᠡᠭᠦᠯᠳᠡᠷ᠎ᠤᠨ ᠡᠬᠡ ᠡᠭᠦᠯᠳᠡᠷ᠎ᠤᠨ ᠬᠠᠳᠠᠭ᠋ᠠᠯᠠᠯᠳᠠ ᠪᠠ ᠦᠷᠡᠵᠢᠬᠦᠯᠦᠯᠲᠡ ᠵᠢᠨ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠡᠭᠦᠯᠳᠡᠷ᠎ᠤᠨ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠬᠡᠷ᠎ᠤᠨ ᠮᠡᠳᠡᠭᠳᠡᠯ 
    ᠥᠪᠥᠷ ᠡᠪᠡᠰᠦ ᠬᠢᠨᠠᠨ ᠲᠤᠭᠲᠠᠭ᠋ᠠᠬᠤ ᠠᠯᠪᠠᠨ ᠬᠡᠷ [2025]2 ᠳ᠋ᠤᠭ᠋ᠠᠷ ᠲᠣᠭ᠋ᠠᠲᠤ
   
   2025 ᠣᠨ᠎ᠤ ᠡᠪᠡᠰᠦᠨ᠎ᠤ ᠡᠭᠦᠯᠳᠡᠷ᠎ᠤᠨ ᠡᠬᠡ ᠡᠭᠦᠯᠳᠡᠷ᠎ᠤᠨ ᠬᠠᠳᠠᠭ᠋ᠠᠯᠠᠯᠳᠠ ᠪᠠ ᠦᠷᠡᠵᠢᠬᠦᠯᠦᠯᠲᠡ ᠵᠢᠨ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠡᠭᠦᠯᠳᠡᠷ᠎ᠤᠨ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠬᠡᠷ᠎ᠤᠨ ᠮᠡᠳᠡᠭᠳᠡᠯ
 
ᠬᠣᠯᠪᠣᠭᠳᠠᠯ ᠪᠦᠬᠦᠢ ᠨᠢᠭᠡᠴᠢ᠂ ᠬᠢᠨᠠᠨ ᠲᠣᠭᠲᠠᠭ᠋ᠠᠭᠰᠠᠨ ᠡᠭᠦᠯᠳᠡᠷ ᠰᠣᠩᠭᠣᠨ ᠪᠣᠶ᠋ᠢᠵᠢᠭᠤᠯᠤᠭᠴᠢᠳ᠄
   ᠡᠪᠡᠰᠦᠨ᠎ᠤ ᠡᠭᠦᠯᠳᠡᠷ᠎ᠤᠨ ᠬᠠᠳᠠᠭ᠋ᠠᠯᠠᠯᠳᠠ ᠪᠠ ᠦᠷᠡᠵᠢᠬᠦᠯᠦᠯᠲᠡ ᠵᠢᠨ ᠠᠵᠢᠯ᠎ᠢ ᠴᠢᠩᠭ᠋ᠠᠳᠬᠠᠵᠤ᠂  ᠡᠪᠡᠰᠦᠨ᠎ᠤ ᠡᠭᠦᠯᠳᠡᠷ᠎ᠤᠨ ᠠᠰᠢᠭᠯᠠᠯᠳᠠ ᠵᠢ ᠠᠬᠢᠭᠤᠯᠬᠤ ᠵᠢᠨ ᠲᠤᠰᠠᠳᠠ᠂ ᠡᠳᠦᠭᠡ 2025 ᠣᠨ᠎ᠤ  ᠡᠪᠡᠰᠦᠨ᠎ᠤ ᠡᠭᠦᠯᠳᠡᠷ᠎ᠤᠨ ᠬᠠᠳᠠᠭ᠋ᠠᠯᠠᠯᠳᠠ ᠪᠠ ᠦᠷᠡᠵᠢᠬᠦᠯᠦᠯᠲᠡ ᠵᠢᠨ ᠠᠵᠢᠯ᠎ᠢ ᠵᠣᠬᠢᠶᠠᠨ  ᠪᠠᠢ᠌ᠭᠤᠯᠤᠨ ᠶᠠᠪᠤᠭᠳᠠᠭᠤᠯᠬᠤ᠎ᠪᠠᠷ ᠲᠣᠭᠲᠠᠪᠠ᠂ ᠪᠣᠳᠠᠲᠠᠶ ᠵᠦᠢ᠍ᠯᠡᠰ᠎ᠨᠢ ᠳᠤᠤᠷᠠᠬᠢ ᠮᠡᠲᠦ᠄
   ᠨᠢᠭᠡ᠂ ᠭᠤᠶᠤᠴᠢᠯᠠᠬᠤ ᠨᠥᠬᠥᠴᠡᠯ

   ᠣᠶ᠋ᠢᠷ᠎ᠠ ᠵᠢᠨ 5 ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠡᠭᠦᠯᠳᠡᠷ᠎ᠤᠨ ᠺᠣᠮᠢᠰ ᠵᠶ᠋ᠠᠷ ᠬᠢᠨᠠᠨ ᠲᠣᠭᠲᠠᠭ᠋ᠠᠯᠭ᠋ᠠᠵᠤ ᠳᠠᠩᠰᠠᠯᠠᠭᠤᠯᠤᠭᠰᠠᠨ᠂ ᠣᠳᠣᠬᠠᠨ᠎ᠤ ᠠᠮᠢ ᠠᠬᠤᠶ ᠵᠢ ᠰᠡᠷᠭᠦᠭᠡᠬᠦ ᠵᠢᠴᠢ ᠡᠪᠡᠰᠦᠨ᠎ᠤ ᠦᠢ᠍ᠯᠡᠰ᠎ᠤᠨ ᠦᠢ᠍ᠯᠡᠳᠪᠦᠷᠢᠯᠡᠯ᠎ᠳᠤ ᠪᠠᠴᠢᠮ ᠬᠡᠷᠡᠭᠴᠡᠭᠡ᠎ᠲᠠᠢ ᠪᠥᠭᠡᠳ ᠬᠤᠪᠢᠷᠠᠭᠤᠯᠵᠤ ᠳᠡᠶ᠋ᠢᠯᠦᠭᠡᠳᠦᠶ ᠡᠪᠡᠰᠦᠨ᠎ᠤ ᠲᠥᠷᠥᠯ ᠵᠦᠢ᠍ᠯ᠃
   ᠬᠣᠶᠠᠷ᠂ ᠭᠤᠶᠤᠴᠢᠯᠠᠬᠤ ᠵᠢᠷᠤᠮ 

    ᠡᠪᠡᠰᠦᠨ᠎ᠤ ᠡᠭᠦᠯᠳᠡᠷ᠎ᠤᠨ ᠡᠬᠡ ᠡᠭᠦᠯᠳᠡᠷ᠎ᠢ ᠦᠷᠡᠵᠢᠬᠦᠯᠬᠦ᠎ᠪᠠᠷ ᠭᠤᠶᠤᠴᠢᠯᠠᠭᠴᠢ᠎ᠨᠢ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ (ᠳᠣᠷᠣᠭᠰᠢ ᠠᠯᠪᠠᠨ ᠭᠡᠷ ᠭᠡᠵᠦ ᠲᠣᠪᠴᠢᠯᠠᠨ᠎ᠠ)᠎ᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠡᠭᠦᠯᠳᠡᠷ᠎ᠤᠨ ᠡᠬᠡ ᠡᠭᠦᠯᠳᠡᠷ᠎ᠢ ᠦᠷᠬᠡᠳᠬᠡᠨ ᠦᠷᠡᠵᠢᠬᠦᠯᠬᠦ ᠭᠤᠶᠤᠴᠢᠯᠠᠯ᠎ᠤᠨ ᠬᠦᠰᠦᠨᠦᠭᠲᠦ》᠎ᠪᠠᠨ ᠲᠤᠰᠢᠶᠠᠬᠤ ᠵᠢᠨ ᠬᠠᠮᠲᠤ ᠬᠢᠨᠠᠨ ᠲᠣᠭᠲᠠᠭ᠋ᠠᠭᠰᠠᠨ ᠦᠨᠡᠮᠯᠡᠯ᠎ᠤᠨ ᠪᠠᠭᠤᠯᠭ᠋ᠠᠪᠤᠷᠢ᠂ ᠡᠭᠦᠯᠳᠡᠷ᠎ᠤᠨ ᠣᠨᠴᠠᠯᠢᠭ᠎ᠤᠨ ᠲᠣᠪᠴᠢ ᠲᠠᠨᠢᠯᠴᠠᠭᠤᠯᠭ᠎ᠠ ᠬᠢᠭᠡᠳ ᠲᠠᠷᠢᠬᠤ ᠮᠡᠷᠭᠡᠵᠢᠯ᠎ᠤᠨ ᠭᠤᠤᠯᠳᠠᠯᠭ᠎ᠠ ᠵᠡᠷᠭᠡ ᠮᠠᠲᠸᠷᠢᠶᠠᠯ ᠵᠶ᠋ᠠᠨ ᠳᠠᠭ᠋ᠠᠯᠳᠤᠭᠤᠯᠵᠤ᠂ ᠠᠯᠪᠠᠨ ᠭᠡᠷ᠎ᠠᠴᠠ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠬᠤ᠎ᠪᠠᠷ ᠳᠠᠮᠵᠢᠭᠰᠠᠨ ᠡᠪᠡᠰᠦᠨ᠎ᠤ ᠡᠭᠦᠯᠳᠡᠷ᠎ᠤᠨ ᠰᠢᠯᠢᠳᠡᠭ᠎ᠢ᠎ᠨᠢ ᠰᠤᠩᠭᠤᠵᠤ ᠣᠨ᠎ᠤ  ᠡᠬᠡ ᠡᠭᠦᠯᠳᠡᠷ᠎ᠢ ᠦᠷᠡᠵᠢᠭᠦᠯᠬᠦ ᠲᠥᠯᠥᠪᠯᠡᠭᠡ᠎ᠳᠤ ᠤᠷᠤᠭᠤᠯᠤᠨ᠎ᠠ᠃
    ᠭᠤᠷᠪᠠ᠂ ᠬᠠᠮᠢᠶ᠎ᠠ ᠪᠦᠬᠦᠢ ᠱᠠᠭ᠋ᠠᠷᠳᠠᠯᠭ᠎ᠠ
    1. ᠡᠬᠡ ᠡᠭᠦᠯᠳᠡᠷ᠎ᠢ ᠦᠷᠡᠵᠢᠭᠦᠯᠪᠡᠯ ᠶᠠᠮᠠᠷ ᠴᠤ᠌ ᠰᠦᠢ᠍ᠳᠬᠡᠯ ᠬᠤᠷᠢᠶᠠᠬᠤ ᠥᠬᠡᠶ᠂ ᠡᠭᠦᠯᠳᠡᠷ᠎ᠢ ᠡᠯᠰᠡᠨ ᠴᠤᠭᠯᠠᠭᠤᠯᠬᠤ ᠵᠢ ᠰᠠᠶ᠋ᠢᠨ ᠳᠤᠷ᠎ᠠ ᠵᠢᠨ ᠪᠠᠶ᠋ᠢᠬᠤ ᠵᠠᠷᠴᠢᠮ ᠶᠣᠰᠣᠭ᠋ᠠᠷ ᠥᠷᠨᠢᠭᠦᠯᠦᠨ᠎ᠡ᠂ ᠥᠷᠭᠡᠳᠬᠡᠨ ᠦᠷᠡᠵᠢᠭᠦᠯᠬᠦ ᠭᠠᠵᠠᠷ᠎ᠨᠢ ᠬᠥᠬᠡᠬᠣᠲᠠ ᠵᠢᠨ ᠬᠣᠷᠢᠨᠭᠡᠷ ᠲᠣᠭᠣᠷᠢᠭ᠂ ᠲᠦᠮᠡᠳ ᠵᠡᠭᠦᠨ ᠬᠣᠰᠢᠭᠤ᠂ ᠲᠣᠭᠲᠠᠬᠤ ᠰᠢᠶᠠᠨ᠂ ᠪᠤᠭᠤᠲᠤ ᠬᠣᠲᠠ ᠵᠢᠨ ᠲᠦᠮᠡᠳ ᠪᠠᠷᠠᠭᠤᠨ ᠬᠣᠰᠢᠭᠤ ᠪᠣᠯᠤᠨ᠎ᠠ᠃ ᠭᠤᠶᠤᠴᠢᠯᠠᠭᠴᠢ 2025 ᠣᠨ᠎ᠤ 5 ᠰᠠᠷ᠎ᠠ ᠵᠢᠨ 20᠎ᠤ ᠡᠳᠦᠷ᠎ᠠᠴᠠ ᠡᠮᠦᠨ᠎ᠡ ᠭᠠᠷ᠎ᠤᠨ ᠥᠰᠥᠭ ᠵᠢᠷᠤᠵᠤ ᠲᠠᠮᠠᠭ᠎ᠠ ᠳᠠᠷᠤᠭᠰᠠᠨ᠎ᠤ ᠳᠠᠷᠠᠭ᠋ᠠᠬᠢ ᠢᠵᠢ ᠪᠦᠷᠢᠨ ᠭᠤᠶᠤᠴᠢᠯᠠᠯ᠎ᠤᠨ ᠮᠠᠲ᠋ᠧᠷᠢᠶᠠᠯ (ᠨᠢᠭᠡ ᠶᠠᠩᠵᠤ ᠵᠢᠨ 3 ᠬᠤᠪᠢ᠂ ᠡᠭᠦᠨ᠎ᠳᠤ ᠣᠭ ᠮᠠᠲ᠋ᠧᠷᠢᠶᠠᠯ᠎ᠨᠢ 1 ᠬᠤᠪᠢ)᠎ᠢ ᠠᠯᠪᠠᠨ ᠬᠡᠷ᠎ᠲᠤ ᠮᠡᠳᠡᠭᠦᠯᠦᠨ ᠬᠦᠷᠭᠡᠨ᠎ᠡ᠃
    2. ᠭᠤᠶᠤᠴᠢᠯᠠᠭᠴᠢ᠎ᠨᠢ ᠡᠬᠡ ᠡᠭᠦᠯᠳᠡᠷ᠎ᠢ ᠦᠷᠡᠵᠢᠭᠦᠯᠬᠦ ᠣᠨ᠎ᠤ ᠲᠥᠯᠥᠪᠯᠡᠭᠡ᠎ᠳᠤ ᠣᠷᠣᠭᠤᠯᠤᠭᠰᠠᠨ᠂ ᠢᠳᠡᠪᠬᠢ ᠴᠢᠨᠠᠷ ᠪᠦᠬᠦᠢ ᠡᠬᠡ ᠡᠭᠦᠯᠳᠡᠷ᠎ᠤᠨ ᠦᠷ᠎ᠡ ᠵᠢ ᠲᠣᠭᠲᠠᠭᠰᠠᠨ ᠭᠠᠵᠠᠷ᠎ᠲᠤ ᠴᠠᠭ ᠲᠤᠬᠠᠢ᠎ᠳᠤᠨᠢ ᠬᠦᠷᠭᠡᠬᠦ ᠵᠢᠨ ᠬᠠᠮᠲᠤ ᠦᠷ᠎ᠡ ᠵᠢᠨ ᠦᠨᠡᠨ ᠪᠣᠳᠠᠲᠤ ᠴᠢᠨᠠᠷ ᠪᠠ ᠶᠠᠰᠤ ᠴᠢᠨᠠᠷ᠎ᠲᠤ ᠬᠠᠷᠢᠭᠤᠴᠠᠬᠤ ᠬᠡᠷᠡᠭᠲᠡᠢ᠃

  

     ᠳᠠᠭ᠋ᠠᠯᠳᠤᠭᠤᠯᠤᠯ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠡᠭᠦᠯᠳᠡᠷ᠎ᠤᠨ ᠡᠬᠡ ᠡᠭᠦᠯᠳᠡᠷ᠎ᠢ ᠥᠷᠭᠡᠳᠬᠡᠨ ᠦᠷᠡᠵᠢᠭᠦᠯᠬᠦ ᠭᠤᠶᠤᠴᠢᠯᠠᠯ᠎ᠤᠨ ᠬᠦᠰᠦᠨᠦᠭᠲᠦ》 
     ᠬᠠᠷᠢᠯᠴᠠᠬᠤ ᠬᠥᠮᠦᠨ᠄ ᠯᠢ ᠬᠤᠤ ᠹᠸᠩ 
     ᠬᠠᠷᠢᠯᠴᠠᠬᠤ ᠠᠷᠭ᠎ᠠ᠄ 0471 - 2342338᠂ zmzzcpzsd @ 163 . com
    ᠰᠢᠤᠳᠠᠨ ᠵᠶ᠋ᠠᠷ ᠢᠯᠡᠭᠡᠬᠦ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠬᠣᠶ᠋ᠢᠲᠤ ᠵᠠᠮ᠎ᠤᠨ ᠶᠤᠸᠠᠨ ᠯᠢ ᠭᠤᠳᠤᠮᠵᠢ ᠵᠢᠨ 352 ᠳ᠋ᠤᠭ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ
   


         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ

        ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ
               2025 ᠣᠨ᠎ᠤ 4 ᠰᠠᠷ᠎ᠠ ᠵᠢᠨ 27᠎ᠤ ᠡᠳᠦᠷ

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号