ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠤᠯᠠᠨ ᠤᠯᠤᠰ᠎ᠤᠨ ᠲᠠᠰ᠎ᠤᠨ ᠬᠡᠭᠡᠷ᠎ᠡ ᠵᠢᠨ ᠰᠢᠪᠠᠭᠤᠨ᠎ᠤ ᠲᠦᠷᠦᠯ ᠥᠪᠥᠷ ᠮᠣᠩᠭᠣᠯ᠎ᠤᠨ ᠬᠠᠨ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠡᠭᠦᠷᠭᠡᠯᠡᠵᠦ ᠪᠠᠢ᠌ᠨ᠎ᠠ
ᠨᠡᠶ᠋ᠢᠲᠡᠯᠡᠭᠰᠡᠨ ᠴᠠᠭ᠄ 2018-06-21

      ᠣᠳᠣ ᠰᠢᠪᠠᠭᠤᠨ᠎ᠤ ᠲᠥᠷᠥᠯ᠎ᠤᠨ ᠦᠷᠡᠵᠢᠯ᠎ᠤᠨ ᠬᠠᠮᠤᠭ ᠰᠠᠢ᠌ᠨ ᠤᠯᠠᠷᠢᠯ ᠶᠤᠮ - ᠬᠠᠨ ᠠᠭᠤᠯᠠ ᠵᠢᠨ ᠬᠠᠮᠠᠭ᠋ᠠᠯᠠᠯᠲᠠ ᠵᠢᠨ ᠣᠷᠣᠨ᠎ᠳᠤ ᠨᠡᠯᠢᠶᠡᠳ ᠲᠣᠭ᠋ᠠᠨ᠎ᠤ   ᠰᠢᠪᠠᠭᠤᠨ᠎ᠤ ᠲᠥᠷᠥᠯ ᠠᠭ᠋ᠠᠷ᠎ᠲᠤ ᠬᠠᠯᠢᠨ ᠪᠥᠵᠢᠭᠯᠡᠵᠤ᠂ ᠬᠡᠭᠡᠷ᠎ᠡ ᠵᠢᠨ ᠨᠤᠭᠤᠰᠤ ᠵᠡᠷᠭᠡ ᠣᠰᠣᠨ ᠰᠢᠪᠠᠭᠤ ᠡᠷᠬᠡ ᠴᠢᠯᠥᠭᠡ᠎ᠲᠠᠢ᠎ᠪᠠᠷ ᠨᠠᠭ᠋ᠠᠳᠴᠤ ᠪᠠᠢ᠌ᠭ᠎ᠠ ᠵᠢ ᠣᠯᠵᠤ ᠦᠵᠡᠬᠦ ᠪᠣᠯᠤᠨ᠎ᠠ᠃ ᠬᠠᠮᠠᠭ᠋ᠠᠯᠠᠯᠲᠠ ᠵᠢᠨ ᠣᠷᠣᠨ᠎ᠤ ᠬᠢᠨᠠᠨ ᠬᠡᠮᠵᠢᠬᠦ ᠠᠵᠢᠯᠳᠠᠨ᠎ᠠᠴᠠ ᠬᠠᠷ᠎ᠠ ᠥᠷᠪᠢ᠂ ᠲᠣᠭᠣᠳᠠᠭ ᠵᠡᠷᠭᠡ ᠤᠯᠠᠨ ᠵᠦᠢ᠍ᠯ᠎ᠤᠨ ᠤᠯᠤᠰ᠎ᠤᠨ ᠲᠠᠰ᠎ᠤᠨ ᠬᠡᠭᠡᠷ᠎ᠡ ᠵᠢᠨ ᠰᠢᠪᠠᠭᠤᠳ ᠬᠠᠮᠠᠭ᠋ᠠᠯᠠᠯᠲᠠ ᠵᠢᠨ ᠣᠷᠣᠨ᠎ᠳᠤ ᠡᠭᠦᠷ ᠪᠠᠷᠢᠵᠤ᠂ ᠰᠢᠨ᠎ᠡ ᠠᠮᠢ ᠠᠮᠢᠵᠢᠷᠠᠯ ᠪᠣᠶ᠋ᠢᠵᠢᠭᠤᠯᠤᠭᠰᠠᠨ ᠪᠠᠢ᠌ᠳᠠᠯ᠎ᠢ ᠳᠠᠬᠢᠨᠲᠠ ᠣᠯᠵᠤ ᠬᠠᠷᠠᠪᠠ᠃
      ᠦᠢ᠍ᠷ᠎ᠡ ᠵᠢᠨ ᠵᠢᠯ᠎ᠠᠴᠠ ᠨᠠᠰᠢ᠂ ᠠᠵᠤ ᠬᠠᠮᠠᠭ᠋ᠠᠯᠠᠯᠲᠠ ᠵᠢᠨ ᠣᠷᠣᠨ᠎ᠤ ᠡᠯ᠎ᠡ ᠵᠦᠢ᠍ᠯ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠲᠠᠰᠤᠷᠠᠯᠳᠡ ᠦᠬᠡᠢ ᠴᠢᠩᠭ᠋ᠠᠳᠬᠠᠬᠣ ᠵᠢ ᠳᠠᠭ᠋ᠠᠯᠳᠣᠨ᠂ ᠠᠮᠢ ᠠᠬᠤᠶ ᠵᠢᠨ ᠣᠷᠴᠢᠨ ᠨᠥᠬᠥᠴᠡᠯ ᠲᠦᠷᠭᠡᠨ ᠰᠡᠷᠭᠦᠭᠡᠪᠡ᠃ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠲᠤᠩᠭ᠋ᠠᠯᠠᠭ ᠭᠤᠤᠯ ᠭᠤᠷᠤᠬ᠎ᠠ᠂ ᠣᠯᠠᠨ ᠲᠠᠷᠬᠠᠬᠰᠠᠨ ᠨᠤᠭᠤ ᠭᠠᠵᠠᠷ᠂ ᠢᠭᠴᠤ ᠰᠠᠬᠤᠯᠢᠭ ᠪᠣᠲᠠ ᠰᠥᠭᠡᠭ᠂ ᠠᠭᠤᠯᠠᠷᠬᠠᠭ ᠭᠠᠵᠠᠷ᠎ᠤᠨ ᠨᠤᠭᠤ ᠭᠠᠵᠠᠷ ᠪᠠ ᠡᠭᠴᠡ ᠴᠢᠯᠠᠭᠤᠯᠢᠭ᠎ᠤᠨ ᠬᠠᠨ᠎ᠠ᠂ ᠢᠯᠠᠩᠭᠤᠶ᠎ᠠ ᠦᠷᠭᠦᠯᠵᠢᠯᠡᠭᠰᠡᠨ ᠥᠷᠭᠡᠨ ᠠᠭᠤᠳᠠᠮ ᠪᠠᠶ᠋ᠢᠭ᠋ᠠᠯᠢ ᠵᠢᠨ ᠬᠣᠶ᠋ᠢᠨ᠎ᠠ ᠪᠣᠯᠤᠭᠰᠠᠨ ᠤᠢ᠎ᠨᠢ ᠡᠯ᠎ᠡ ᠵᠦᠢ᠍ᠯ᠎ᠤᠨ ᠰᠢᠪᠠᠭᠤᠳ᠎ᠤᠨ ᠣᠷᠣᠰᠢᠨ ᠠᠮᠢᠳᠤᠷᠠᠬᠤ᠎ᠳᠤ ᠲᠡᠭᠦᠯᠳᠡᠷ ᠰᠠᠢ᠌ᠨ ᠣᠷᠴᠢᠨ ᠲᠣᠭᠣᠷᠢᠨ ᠬᠠᠩᠭ᠋ᠠᠵᠣ ᠦᠭᠴᠡᠢ᠃ ᠠᠮᠢ ᠠᠬᠤᠶ ᠤᠯᠠᠮ ᠰᠠᠶ᠋ᠢᠵᠢᠷᠠᠭᠰᠠᠨ᠎ᠠᠴᠠ ᠮᠠᠰᠢ ᠣᠯᠠᠨ ᠬᠣᠪᠣᠷ ᠴᠤᠬᠠᠭ ᠰᠢᠪᠠᠭᠤᠨ᠎ᠤ ᠲᠥᠷᠥᠯ᠎ᠢ ᠲᠠᠲᠠᠵᠣ᠂ ᠬᠠᠨ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠨᠢᠭᠡᠨᠲᠡ ᠨᠡᠭᠦᠳᠡᠯ᠎ᠤᠨ ᠰᠢᠪᠠᠭᠤᠨ᠎ᠤ ᠣᠷᠣᠰᠢᠨ ᠠᠮᠢᠳᠤᠷᠠᠬᠤ ᠴᠢᠬᠤᠯᠠ ᠦᠷᠲᠡᠭᠡ ᠪᠣᠯᠤᠭᠰᠠᠨ ᠪᠠᠶ᠋ᠢᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠪᠦᠷᠢᠳᠬᠡᠯ᠎ᠢ ᠦᠨᠳᠦᠰᠦᠯᠡᠪᠡᠯ᠂ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠨᠢᠭᠡᠨᠲᠡ 120 ᠭᠠᠷᠤᠶ ᠰᠢᠪᠠᠭᠤᠨ᠎ᠤ ᠲᠦᠷᠦᠯ ᠲᠡᠮᠲᠡᠭᠯᠡᠭᠳᠡᠭᠡᠳ᠂ ᠰᠢᠪᠠᠭᠤᠨ᠎ᠤ ᠲᠥᠷᠥᠯ᠎ᠤᠨ ᠣᠯᠠᠨ ᠶᠠᠩᠵᠤᠲᠤ ᠴᠢᠨᠠᠷ ᠨᠡᠯᠢᠶᠡᠳ ᠥᠨᠳᠥᠷ ᠪᠠᠢ᠌ᠬᠣ ᠵᠢ ᠢᠯᠡᠷᠡᠭᠦᠯᠦᠭᠰᠡᠨ ᠪᠠᠶ᠋ᠢᠨ᠎ᠠ᠃ ᠡᠨᠡ ᠪᠣᠯ ᠮᠠᠨ᠎ᠤ ᠬᠣᠰᠢᠭᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠬᠤᠯᠠ ᠦᠷ᠎ᠡ ᠪᠦᠲᠦᠭᠡᠯ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠭᠰᠠᠨ ᠦᠷ᠎ᠡ ᠪᠦᠲᠦᠭᠡᠯ ᠮᠦᠨ᠃

 


ᠢᠷᠡᠯᠲᠡ᠄ ᠬᠡᠭᠡᠷ᠎ᠡ ᠵᠢᠨ ᠠᠮᠢᠳᠠᠨ᠎ᠢ ᠬᠠᠮᠠᠭ᠋ᠠᠯᠠᠬᠤ ᠲᠦᠪ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ (ᠡᠦ ᠴᠠ ᠭᠧᠤ) ᠠᠭ᠋ᠠᠷ ᠠᠶᠠᠯᠠᠯ᠎ᠤᠨ ᠤᠢ ᠰᠢᠭᠤᠶ ᠬᠠᠮᠠᠭ᠋ᠠᠯᠠᠬᠤ ᠦᠷᠲᠡᠭᠡ ᠶᠡᠬᠡ ᠬᠢᠩᠭ᠋ᠠᠨ ᠳᠠᠪᠠᠭ᠎ᠠ ᠵᠢᠨ ᠲᠦᠢ᠍ᠮᠡᠷ ᠭᠠᠷᠤᠭᠰᠠᠨ ᠭᠠᠵᠠᠷ᠎ᠢ ᠲᠤᠰᠠᠯᠠᠪᠠ
ᠬᠦᠯᠦᠨ ᠪᠤᠢ᠌ᠷ ᠬᠤᠳᠠ ᠵᠢᠨ ᠮᠠᠨᠵᠤᠤᠷ᠎ᠤᠨ ᠤᠢ ᠰᠢᠭᠤᠶ ᠵᠢᠨ ᠲᠣᠪᠴᠢᠶ᠎ᠠ ᠮᠥᠬᠥᠬᠦ ᠰᠢᠬᠠᠭᠰᠠᠨ ᠵᠡᠷᠯᠢᠭ ᠠᠮᠢᠳᠠᠨ᠎ᠤ ᠦᠢ᠍ᠯᠡᠳᠬᠦᠨ᠎ᠤ ᠬᠡᠷᠡᠭ᠎ᠢ ᠪᠠᠶ᠋ᠢᠴᠠᠭ᠋ᠠᠨ ᠢᠯᠡᠷᠡᠭᠦᠯᠪᠡ
ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ ᠲᠡᠭᠡᠷᠡᠬᠢ ᠭᠤᠤᠯ ᠵᠤᠷᠢᠯᠳᠡᠳᠤ ᠶᠠᠷᠢᠶ᠎ᠠ ᠢᠯᠡᠳᠬᠡᠯ
ᠡᠴᠢᠨ᠎ᠡ ᠭᠠᠶ᠋ᠢᠬᠠᠯᠲᠠᠢ ᠡᠯᠡᠰᠦ ᠮᠠᠩᠬ᠎ᠠ
ᠾᠦᠨᠾᠧ ᠭᠤᠣᠯ᠎ᠤᠨ ᠨᠣᠭᠤ ᠭᠠᠵᠠᠷ᠎ᠤᠨ ᠦᠵᠡᠮᠵᠢ ᠵᠢᠷᠤᠭ ᠰᠢᠭ ᠭᠤᠶᠣᠬᠠᠨ
 
             蒙ICP备05000248号