ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶ᠎ᠡ ᠵᠢᠨ 6 ᠰᠠᠷ᠎ᠠ ᠵᠢᠨ 22᠎ᠤᠨ ᠡᠳᠦᠷ᠎ᠤᠨ ᠮᠡᠳᠡᠭᠡ
ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨᠵᠤᠤᠷ ᠬᠣᠲᠠ ᠵᠢᠨ ᠠᠷᠠᠳ᠎ᠤᠨ ᠰᠢᠭᠦᠬᠦ ᠬᠣᠷᠢᠶ᠎ᠠ᠎ᠠᠴᠠ ᠮᠠᠨᠵᠤᠤᠷ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠲᠤᠷᠰᠢᠨ ᠪᠠᠶ᠋ᠢᠴᠠᠭ᠋ᠠᠯᠲᠠ ᠵᠢᠨ ᠠᠵᠢᠯ᠎ᠢ ᠳᠠᠭᠤᠰᠬᠠᠪᠠ᠃ ᠮᠠᠨᠵᠤᠤᠷ ᠬᠣᠲᠠ ᠵᠢᠨ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠵᠠᠭ᠋ᠠᠯᠳᠤᠬᠳᠣᠬ᠍ᠴᠢ ᠶᠠᠩ ᠣᠪᠣᠭᠲᠤ ᠵᠢ ᠰᠢᠯᠵᠢᠭᠦᠯᠦᠨ ᠬᠦᠷᠭᠡᠵᠤ᠂ ᠬᠣᠪᠣᠷ ᠴᠤᠬᠠᠭ᠂ ᠮᠥᠬᠥᠬᠦ ᠰᠢᠬᠠᠭᠰᠠᠨ ᠵᠡᠷᠯᠢᠭ ᠠᠮᠢᠳᠠᠨ᠎ᠤ ᠦᠢ᠍ᠯᠡᠳᠬᠦᠨ᠎ᠢ ᠬᠠᠤᠯᠢ ᠪᠤᠰᠤ᠎ᠪᠠᠷ ᠬᠤᠳᠠᠯᠳᠤᠭᠰᠠᠨ ᠬᠡᠷᠡᠭ᠎ᠲᠤ ᠰᠢᠭᠦᠨ ᠲᠠᠰᠤᠯᠤᠯᠲᠠ ᠬᠢᠵᠦ᠂ ᠬᠠᠤᠯᠢ ᠶᠣᠰᠣᠭ᠋ᠠᠷ ᠵᠠᠭ᠋ᠠᠯᠳᠤᠭᠳᠠᠭᠴᠢ ᠶᠠᠩ ᠣᠪᠣᠭᠲᠤ ᠵᠢ ᠨᠢᠭᠡ ᠵᠢᠯ᠎ᠤᠨ ᠬᠤᠭᠤᠴᠠᠭ᠎ᠠ᠎ᠲᠠᠢ ᠬᠣᠷᠢᠵᠣ᠂ ᠬᠣᠶᠠᠷ ᠵᠢᠯ ᠠᠯᠭᠤᠷᠠᠭᠤᠯᠣᠭᠰᠠᠨ ᠮᠦᠷᠲᠡᠭᠡᠨ ᠨᠢᠭᠡ ᠲᠦᠮᠡᠨ ᠲᠦᠮᠡᠨ ᠲᠥᠭᠥᠷᠢᠭ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠪᠡ᠃
2017 ᠣᠨ᠎ᠤ 4 ᠰᠠᠷ᠎ᠠ ᠵᠢᠨ19᠎ᠤ ᠡᠳᠦᠷ᠂ ᠮᠠᠨᠵᠤᠤᠷ ᠬᠣᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠲᠠᠩᠨᠠᠨ ᠪᠠᠶ᠋ᠢᠴᠠᠭ᠋ᠠᠬᠤ ᠠᠵᠢᠯᠳᠡᠨ᠎ᠨᠢ ᠪᠠᠶ᠋ᠢᠴᠠᠭ᠋ᠠᠨ ᠢᠯᠭ᠋ᠠᠷᠠᠭᠤᠯᠵᠤ᠂ ᠰᠤᠷᠪᠤᠯᠵᠢᠯᠠᠬᠤ᠎ᠪᠠᠷ ᠳᠠᠮᠵᠢᠨ᠂ ᠮᠠᠨᠵᠤᠤᠷ ᠬᠣᠲᠠ ᠵᠢᠨ ᠰᠧ ᠳ᠋ᠤᠤ ᠵᠡᠭᠡᠯᠢ ᠵᠢᠨ ᠸᠠᠩ ᠴᠢᠤᠸᠠᠨ ᠵᠠᠬ᠎ᠠ ᠳᠡᠯᠭᠡᠭᠦᠷ᠎ᠳᠤ ᠪᠠᠢ᠌ᠷᠢᠯᠠᠵᠤ ᠪᠠᠢ᠌ᠭ᠎ᠠ ᠨᠢᠭᠡ ᠰᠠᠭᠤᠭ᠋ᠠᠯᠢ ᠠᠷᠠᠳ᠎ᠤᠨ ᠣᠷᠣᠨ ᠰᠠᠭᠤᠴᠠ᠎ᠳᠤ᠂ ᠵᠠᠷᠢᠮ ᠬᠥᠮᠦᠨ ᠣᠯᠣᠰ᠎ᠠᠴᠠ ᠨᠠᠨᠳᠢᠩᠨᠠᠨ ᠬᠠᠮᠠᠭ᠋ᠠᠯᠠᠵᠣ ᠪᠠᠢ᠌ᠭ᠎ᠠ ᠮᠥᠬᠥᠬᠦ ᠰᠢᠬᠠᠭᠰᠠᠨ ᠵᠡᠷᠯᠢᠭ ᠠᠮᠢᠳᠠᠨ᠎ᠤ ᠦᠢ᠍ᠯᠡᠳᠬᠦᠨ ᠪᠤᠯᠬᠤ ᠪᠠᠭ᠋ᠠᠪᠠᠭ᠋ᠠᠶ ᠵᠢᠨ ᠰᠢᠳᠦ᠂ ᠦᠳᠡᠭᠡ ᠵᠢᠨ ᠠᠯᠠᠭ᠎ᠠ ᠵᠡᠷᠭᠡ ᠵᠢ ᠬᠣᠳᠠᠯᠳᠣᠵᠣ ᠪᠠᠢ᠌ᠬᠤ ᠵᠢ ᠣᠯᠵᠣ ᠮᠡᠳᠡᠪᠡ᠃ ᠮᠠᠨᠵᠤᠤᠷ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠬᠢᠵᠠᠭ᠋ᠠᠷᠯᠠᠨ ᠬᠢᠨᠠᠯᠲᠠ ᠬᠢᠵᠦ᠂ ᠬᠡᠳᠦᠨ ᠵᠠᠮ᠎ᠤᠨ ᠲᠤᠷᠰᠢᠨ ᠪᠠᠶ᠋ᠢᠴᠠᠭ᠋ᠠᠭᠴᠢ ᠵᠢᠨ ᠨᠠᠷᠢᠨ ᠨᠢᠮᠪᠠᠶ ᠵᠣᠬᠢᠶᠠᠨ ᠪᠠᠶ᠋ᠢᠭᠤᠯᠤᠯᠲᠠ᠎ᠪᠠᠷ ᠳᠠᠮᠵᠢᠨ᠂ ᠲᠤᠰ ᠡᠳᠦᠷ᠎ᠤᠨ ᠦᠳᠡ ᠵᠢᠨ ᠬᠣᠶ᠋ᠢᠨ᠎ᠠ ᠵᠡᠷᠯᠢᠭ ᠠᠮᠢᠳᠠᠨ᠎ᠤ ᠦᠢ᠍ᠯᠡᠳᠬᠦᠨ᠎ᠢ ᠶᠠᠭ ᠬᠤᠳᠠᠯᠳᠤᠬᠤ ᠭᠡᠵᠤ ᠪᠠᠶ᠋ᠢᠭ᠎ᠠ ᠰᠡᠵᠢᠭᠯᠡᠯ᠎ᠲᠤ ᠬᠥᠮᠦᠨ ᠶᠠᠩ ᠣᠪᠣᠭᠲᠤ ᠵᠢ ᠲᠡᠷᠡ ᠳᠣᠣᠷ᠎ᠠ᠎ᠨᠢ ᠪᠠᠷᠢᠵᠤ ᠠᠪᠤᠨ᠂ ᠲᠤᠬᠠᠶ ᠵᠢᠨ ᠳᠠᠯᠠᠪᠠᠢ᠎ᠳᠤ 6 ᠪᠠᠭ᠋ᠠᠪᠠᠭ᠋ᠠᠶ ᠰᠢᠳᠦ᠂ 3 ᠪᠠᠭ᠋ᠠᠪᠠᠭ᠋ᠠᠶ ᠵᠢᠨ ᠬᠢᠮᠤᠰᠤ᠂ 1 ᠰᠣᠨᠳᠣᠷ᠂ 2 ᠬᠡᠰᠡᠭ ᠶᠠᠰᠤ᠂ 7 ᠰᠢᠷᠬᠡᠭ ᠰᠣᠶᠣᠭ᠎ᠠ ᠵᠡᠷᠭᠡ ᠰᠡᠵᠢᠭᠲᠡᠢ ᠡᠳ᠋᠎ᠢ ᠪᠠᠶ᠋ᠢᠴᠠᠭ᠋ᠠᠨ ᠤᠯᠪᠠ᠃ ᠤᠯᠤᠰ᠎ᠤᠨ ᠨᠡᠷ᠎ᠡ ᠬᠦᠨᠳᠦ ᠪᠦᠬᠦᠢ ᠪᠠᠶ᠋ᠢᠭᠤᠯᠭ᠎ᠠ 6 ᠪᠠᠭ᠋ᠠᠪᠠᠭ᠋ᠠᠶ ᠰᠢᠳᠦ᠂ 3 ᠪᠠᠭ᠋ᠠᠪᠠᠭ᠋ᠠᠶ ᠵᠢᠨ ᠰᠠᠪᠠᠷᠢ ᠬᠢᠨᠠᠨ ᠲᠤᠭᠲᠠᠭ᠋ᠠᠵᠣ᠂ ᠬᠡᠷᠡᠭ᠎ᠲᠤ ᠬᠤᠯᠪᠤᠭᠳᠠᠭᠰᠠᠨ ᠦᠷᠲᠡᠭ᠎ᠨᠢ ᠪᠠᠷᠤᠭ 8000 ᠭᠠᠷᠤᠶ ᠲᠥᠭᠥᠷᠢᠭ ᠪᠣᠯᠤᠨ᠎ᠠ᠃
ᠣᠢ᠌ᠷ᠎ᠠ ᠵᠢᠨ ᠵᠢᠯ᠎ᠤᠳ᠎ᠲᠤ᠂ ᠮᠠᠨᠵᠤᠤᠷ ᠬᠣᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠡᠷᠯᠢᠭ ᠠᠮᠢᠳᠠᠨ᠎ᠤ ᠦᠢ᠍ᠯᠡᠳᠬᠦᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠪᠠᠢ᠌ᠬᠤ ᠬᠦᠨᠳᠦ ᠳᠠᠷᠤᠯᠲᠠ ᠵᠢᠨ ᠳᠣᠣᠷ᠎ᠠ᠂ ᠵᠠᠷᠢᠮ ᠬᠥᠮᠦᠰ ᠮᠥᠨ ᠯᠡ ᠠᠰᠢᠭ ᠲᠤᠰᠠ ᠵᠢᠨ ᠡᠭᠦᠳᠡᠨ᠎ᠠᠴᠠ ᠬᠣᠯᠢ ᠪᠤᠰᠣ ᠠᠵᠢᠯᠯᠠᠭ᠎ᠠ ᠬᠢᠵᠦ ᠪᠤᠢ᠃ ᠮᠠᠨᠵᠤᠤᠷ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠨᠢᠭᠡ ᠺᠢᠯᠣᠭ᠌ᠷᠠᠮ ᠪᠠᠭ᠋ᠠᠪᠠᠭ᠋ᠠᠶ ᠵᠢᠨ ᠲᠡᠪᠡᠬ ᠣᠷᠣᠰ᠎ᠲᠤ ᠵᠥᠪᠬᠡᠨ 400 ᠭᠠᠷᠤᠶ ᠲᠥᠭᠥᠷᠢᠭ ᠠᠷᠠᠳ᠎ᠤᠨ ᠵᠣᠭᠣᠰ᠎ᠤᠨ ᠦᠨ᠎ᠡ ᠬᠦᠷᠴᠦ᠂ ᠭᠡᠪᠡᠴᠦ ᠳᠤᠮᠳᠠᠳᠤ ᠤᠯᠤᠰ᠎ᠲᠤ ᠢᠷᠡᠵᠦ ᠨᠢᠭᠤᠴᠠ᠎ᠪᠠᠷ ᠠᠷᠠᠯᠵᠢᠶᠠᠯᠠᠪᠠᠯ 20 ᠲᠠᠬᠢᠨ ᠥᠨᠳᠥᠷ ᠠᠰᠢᠭ ᠬᠣᠨᠵᠢᠪᠣᠷᠢ ᠣᠯᠳᠠᠭ᠂ ᠶᠡᠬᠡ ᠠᠰᠢᠭ ᠬᠣᠨᠵᠢᠪᠤᠷᠢ᠎ᠨᠢ ᠣᠨᠴᠠ ᠵᠠᠷᠢᠮ ᠬᠠᠤᠯᠢ ᠪᠤᠰᠤ ᠡᠲᠡᠭᠡᠳ᠎ᠤᠨ ᠪᠠᠶᠠᠵᠢᠯ᠎ᠳᠤ ᠭᠤᠷᠢᠯᠠᠬᠤ ᠠᠮᠲᠠᠲᠣ ᠵᠡᠭᠦᠳᠦ᠎ᠨᠢ ᠰᠣᠶᠣᠭ᠋ᠠᠯᠠᠭᠤᠯᠤᠨ ᠣᠷᠭᠣᠭᠣᠯᠵᠣ ᠪᠤᠢ᠃
