ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ ᠲᠡᠭᠡᠷᠡᠬᠢ ᠭᠤᠤᠯ ᠵᠤᠷᠢᠯᠳᠡᠳᠤ ᠶᠠᠷᠢᠶ᠎ᠠ ᠢᠯᠡᠳᠬᠡᠯ
ᠨᠡᠶ᠋ᠢᠲᠡᠯᠡᠭᠰᠡᠨ ᠴᠠᠭ᠄ 2019-11-07

       ᠨᠡᠬᠡᠬᠡᠯᠳᠡ ᠬᠢᠵᠦ ᠬᠠᠮᠳᠤᠷᠠᠯᠴᠠᠨ ᠬᠤᠪᠢ ᠵᠠᠶᠠᠭ᠎ᠠ᠎ᠪᠠᠨ ᠬᠠᠮᠳᠤᠳᠬᠠᠶ᠎ᠠ  — ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ ᠲᠡᠭᠡᠷᠡᠬᠢ ᠭᠤᠤᠯ ᠵᠤᠷᠢᠯᠳᠡᠳᠤ ᠶᠠᠷᠢᠶ᠎ᠠ ᠢᠯᠡᠳᠬᠡᠯ
     (2019 ᠤᠨ᠎ᠤ 11 ᠰᠠᠷ᠎ᠠ ᠵᠢᠨ 5᠎ᠤ ᠡᠳᠤᠷ᠂ ᠱᠠᠩᠬᠠᠢ᠎ᠳᠤ)
      ᠪᠦᠬᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠲᠡᠷᠢᠬᠦᠯᠡᠭᠴᠢ ᠰᠢ ᠵᠢᠨ ᠫᠢᠩ

      ᠬᠦ᠍ᠨᠳᠤᠳᠤ ᠮᠠᠶ᠋ᠢᠺᠷᠤᠨ ᠶᠡᠷᠤᠩᠬᠡᠶ᠋ᠢᠯᠡᠭᠴᠢ᠂
      ᠬᠦᠨᠳᠤᠳᠤ ᠡᡁᠦ᠋ᠸᠧᠷᠨᠢᠰ ᠶᠡᠷᠤᠩᠬᠡᠢ ᠰᠠᠶ᠋ᠢᠳ᠂ ᠮᠢᠽᠦ᠋ᠸᠧᠲ᠋ᠠᠵᠢᠰ ᠶᠡᠷᠤᠩᠬᠡᠢ ᠰᠠᠶ᠋ᠢᠳ᠂ ᠪᠦᠷᠨᠠᠪᠢᠴᠢ ᠶᠡᠷᠤᠩᠬᠡᠢ ᠰᠠᠶ᠋ᠢᠳ᠂ ᠡᠷᠬᠢᠮ ᠵᠦᠪᠯᠡᠯᠬᠡᠨ᠎ᠤ ᠬᠤᠷᠡᠯ᠎ᠤᠨ ᠲᠠᠷᠤᠭ᠎ᠠ ᠨᠠᠷ᠂ ᠡᠷᠬᠢᠮ ᠤᠯᠠᠨ ᠤᠯᠤᠰ᠎ᠤᠨ ᠵᠤᠬᠢᠶᠠᠨ ᠪᠠᠶ᠋ᠢᠭᠤᠯᠤᠯᠳᠠ ᠵᠢᠨ ᠬᠠᠷᠢᠭᠤᠴᠠᠯᠭ᠋ᠠᠳᠠᠨ ᠨᠠᠷ᠂ ᠡᠷᠬᠢᠮ ᠲᠦᠯᠥᠬᠡᠯᠡᠭᠴᠢᠳ᠎ᠤᠨ ᠪᠦᠯᠬᠦᠮ᠎ᠤᠨ ᠲᠠᠷᠤᠭ᠎ᠠ ᠨᠡᠷ᠂ ᠡᠷᠬᠢᠮ ᠵᠤᠴᠢᠳ ᠡ᠂ ᠠᠪᠠᠭ᠍ᠠᠢ ᠨᠡᠷ᠂ ᠠᠪᠤᠭ᠋ᠠᠢ ᠨᠠᠷ᠂ ᠨᠠᠶ᠋ᠢᠵᠠ ᠨᠠᠷ ᠡ᠄
      ᠡᠨᠡ ᠬᠦ᠌ ᠲᠠᠩᠰᠤᠭ ᠨᠠᠮᠤᠷ᠎ᠤᠨ ᠤᠯᠠᠷᠢᠯ ᠵᠶ᠋ᠠᠷ᠂ ᠲᠠ ᠤᠯᠠᠨ᠎ᠲᠠᠢ ᠬᠤᠸᠠᠩ ᠫᠦ᠋ ᠵᠢᠶᠠᠩ ᠮᠦᠷᠠᠨ᠎ᠤ ᠬᠦᠪᠡᠬᠡᠨ᠎ᠳᠤ ᠴᠤᠭᠯᠠᠷᠠᠭᠰᠠᠠ᠎ᠳᠠᠭᠠᠨ ᠲᠤᠩ ᠪᠠᠶᠠᠷ᠎ᠲᠠᠢ ᠪᠠᠶ᠋ᠢᠨ᠎ᠠ᠃ ᠬᠤᠶᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ ᠤᠳᠤ ᠵᠢᠩᠬᠢᠨᠢ᠎ᠪᠠᠷ ᠡᠬᠢᠯᠡᠭᠰᠡᠡ᠎ᠢ ᠪᠢ ᠵᠠᠷᠯᠠᠶ᠎ᠠ!
      ᠡᠩ ᠲᠡᠷᠢᠬᠦᠨ᠎ᠳᠤ᠂ ᠪᠢ ᠲᠤᠮᠳᠠᠳᠤ ᠤᠯᠤᠰ᠎ᠤᠨ ᠵᠠᠰᠠᠭ᠎ᠤᠨ ᠤᠷᠳᠤᠨ ᠪᠤᠯᠤᠨ ᠳᠤᠮᠳᠠᠳᠤ ᠤᠯᠤᠰ᠎ᠤᠨ ᠠᠷᠠᠳ ᠲᠦᠮᠡᠨ᠎ᠤ ᠡᠮᠤᠨ᠎ᠡ᠎ᠠᠴᠠ᠂ ᠲᠡᠷᠡᠴᠢᠯᠡᠨ ᠮᠢᠨᠤ ᠬᠤᠪᠢ ᠬᠦᠮᠦᠨ᠎ᠤ ᠨᠡᠷ᠎ᠡ᠎ᠪᠠᠷ ᠠᠯᠤᠰ ᠬᠤᠯᠠ᠎ᠠᠴᠠ ᠬᠦᠷᠦᠯᠴᠡᠨ ᠢᠷᠡᠭᠰᠡᠡ ᠬᠦᠨᠳᠤᠳᠤ ᠵᠤᠴᠢᠳ ᠵᠶ᠋ᠠᠨ ᠬᠠᠯᠠᠭᠤᠨ ᠵᠶ᠋ᠠᠷ ᠤᠬᠳᠤᠵᠥ ᠪᠠᠶ᠋ᠢᠨ᠎ᠠ! ᠲᠡᠯᠡᠬᠡᠢ ᠵᠢᠨ ᠡᠯ᠎ᠡ ᠭᠠᠵᠠᠷ᠎ᠠᠴᠠ ᠬᠦᠷᠦᠯᠴᠡᠨ ᠢᠷᠡᠭᠰᠡᠡ ᠰᠢᠨ᠎ᠡ ᠬᠠᠭᠤᠴᠢᠨ ᠨᠠᠶ᠋ᠢᠵᠠ ᠨᠠᠷ᠎ᠲᠤ ᠴᠢᠩ ᠦᠨᠡᠨᠴᠢ ᠮᠡᠨᠳᠤᠴᠢᠯᠡᠯ ᠪᠤᠯᠤᠨ ᠰᠠᠶ᠋ᠢᠨ ᠰᠠᠶ᠋ᠢᠬᠠᠨ ᠵᠦᠩᠨᠡᠯ ᠲᠡᠪᠰᠢᠬᠦᠯᠵᠥ ᠪᠠᠶ᠋ᠢᠨ᠎ᠠ!
      ᠨᠢᠬᠡ ᠵᠢᠯ᠎ᠤᠨ ᠡᠮᠤᠨ᠎ᠡ᠂ ᠪᠢᠳᠡ ᠠᠳᠡ ᠠᠩᠬᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠢ ᠠᠮᠵᠢᠯᠳᠡ᠎ᠲᠠᠢ ᠡᠷᠬᠢᠯᠡᠪᠡ᠃ ᠦᠨᠦᠳᠦᠷ᠂ ᠨᠡᠩ ᠤᠯᠠᠨ ᠨᠠᠶ᠋ᠢᠵᠠ ᠪᠤᠯᠵᠤᠭ᠎ᠠ᠎ᠪᠠᠷ ᠬᠦᠷᠦᠯᠴᠡᠨ ᠢᠷᠡᠵᠡᠢ᠃ ᠲᠤᠰ ᠬᠤᠭᠤᠴᠠᠭ᠋ᠠᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ ᠦᠷᠬᠦᠯᠵᠢᠯᠡᠨ 《ᠰᠢᠨ᠎ᠡ ᠴᠠᠭ ᠦᠶ᠎ᠡ᠎ᠳᠤ ᠢᠷᠡᠬᠡᠳᠤᠢ᠎ᠪᠠᠨ ᠬᠠᠮᠳᠤ᠎ᠪᠠᠷ ᠡᠳ᠋ᠯᠠᠶ᠎ᠠ》᠎ᠪᠠᠷ ᠭᠤᠤᠯ ᠰᠡᠳᠤᠪ ᠪᠤᠯᠭ᠋ᠠᠪᠠ᠃ ᠤᠯᠠᠨ ᠨᠠᠶ᠋ᠢᠵᠠ ᠮᠠᠨᠢ ᠪᠦᠷ ᠪᠠᠶᠠᠷ ᠬᠦᠷ᠎ᠲᠠᠢ ᠢᠷᠡᠵᠡᠬᠡᠵᠥ᠂ ᠰᠡᠳᠬᠢᠯ ᠬᠠᠨᠤᠮᠵᠢᠳᠠᠢ᠎ᠪᠠᠷ ᠪᠤᠴᠠᠨ᠎ᠠ ᠬᠡᠳᠡᠭ᠎ᠢ ᠪᠢ ᠢᠳᠡᠬᠡᠵᠥ ᠪᠠᠶ᠋ᠢᠨ᠎ᠠ!
      ᠠᠪᠠᠭ᠍ᠠᠢ ᠨᠡᠷ᠂ ᠠᠪᠤᠭ᠋ᠠᠢ ᠨᠠᠷ᠂ ᠨᠠᠶ᠋ᠢᠵᠠ ᠨᠠᠷ ᠡ!
      ᠨᠢᠳᠤᠨᠤᠨ᠂ ᠠᠩᠬᠠᠳᠤᠭ᠋ᠠᠷ ᠬᠤᠭᠤᠴᠠᠭ᠋ᠠᠨ᠎ᠤ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ ᠲᠡᠭᠡᠷ᠎ᠡ ᠪᠢ ᠲᠤᠮᠳᠠᠳᠤ ᠤᠯᠤᠰ᠎ᠤᠨ ᠭᠠᠳᠠᠭ᠋ᠠᠳᠤ ᠨᠡᠬᠡᠬᠡᠯᠳᠡ᠎ᠪᠠᠨ ᠦᠷᠬᠡᠳᠭᠡᠬᠦ 5 ᠲᠠᠯ᠎ᠠ ᠵᠢᠨ ᠠᠷᠭ᠎ᠠ ᠬᠡᠮᠵᠢᠶ᠎ᠡ ᠵᠢ ᠨᠡᠶ᠋ᠢᠳᠡᠯᠡᠵᠥ᠂ ᠱᠠᠩᠬᠠᠢ᠎ᠳᠤ 3 ᠲᠠᠯ᠎ᠠ ᠵᠢᠨ ᠨᠡᠬᠡᠬᠡᠯᠳᠡ ᠬᠢᠬᠦ ᠱᠠᠭ᠋ᠠᠷᠳᠠᠯᠭ᠎ᠠ ᠲᠤᠷᠠᠳᠪᠠ᠃ ᠨᠢᠬᠡ ᠵᠢᠯ᠎ᠤᠨ ᠲᠤᠷᠰᠢ᠂ ᠡᠳᠡᠬᠡᠷ ᠨᠡᠬᠡᠬᠡᠯᠳᠡ ᠬᠢᠬᠦ ᠠᠷᠭ᠎ᠠ ᠬᠡᠮᠵᠢᠶ᠎ᠡ ᠦᠨᠳᠦᠰᠦᠨ᠎ᠳᠡᠭᠡᠨ ᠪᠦᠷ ᠨᠠᠶ᠋ᠢᠳᠠᠪᠤᠷᠢᠵᠢᠭᠤᠯᠤᠭᠳᠠᠵᠠᠢ᠃ ᠡᠬᠦᠨ᠎ᠳᠤ᠂ ᠱᠠᠩᠬᠠᠢ ᠵᠢᠨ ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠭᠠᠷᠠᠮ ᠲᠠᠭ᠋ᠠᠤ ᠵᠢᠨ ᠰᠢᠨ᠎ᠠ ᠲᠤᠭᠤᠷᠢᠭ᠎ᠢ ᠨᠢᠬᠡᠨᠳᠡ ᠵᠢᠩᠬᠢᠨᠢ᠎ᠪᠠᠷ ᠪᠠᠶ᠋ᠢᠭᠤᠯᠪᠠ᠂ ᠪᠢᠳᠠ ᠪᠠᠰᠠ ᠪᠤᠰᠤᠳ ᠮᠤᠵᠢ᠎ᠳᠤ 6 ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠢ ᠰᠢᠨ᠎ᠡ᠎ᠪᠠᠷ ᠪᠠᠶ᠋ᠢᠭᠤᠯᠪᠠ; ᠱᠠᠩᠬᠠᠢ ᠵᠢᠨ ᠦᠨᠡᠳᠤ ᠲᠡᠮᠳᠡᠭᠳᠤ ᠠᠷᠠᠯᠵᠢᠶᠠᠯᠠᠬᠤ ᠭᠠᠵᠠᠷ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠰᠢᠨ᠎ᠠ ᠡᠬᠦᠳᠦᠯᠳᠡ ᠵᠢᠨ ᠰᠲ᠋ᠤᠺ᠎ᠤᠨ ᠡᠷᠬᠡ ᠵᠢ ᠠᠷᠠᠯᠵᠢᠶᠡᠯᠠᠬᠤ ᠲᠠᠪᠴᠠᠩ ᠪᠠᠶ᠋ᠢᠭᠤᠯᠤᠬᠰᠠᠠ ᠪᠦᠬᠡᠳ ᠲᠠᠩᠰᠠᠯᠠᠭᠤᠯᠬᠤ ᠲᠦᠷᠢᠮ᠎ᠢ ᠵᠢᠩᠬᠢᠨᠢ᠎ᠪᠠᠷ ᠲᠤᠷᠰᠢᠨ ᠬᠡᠷᠡᠭᠵᠢᠬᠦᠯᠵᠤ ᠡᠬᠢᠯᠡᠵᠠᠢ; ᠬᠦᠬᠡᠮᠦ᠋ᠷᠡᠨ᠎ᠤ ᠭᠤᠷᠪᠠᠯᠵᠢᠨ ᠬᠤᠶ᠋ᠢᠭ᠎ᠤᠨ ᠤᠷᠤᠨ ᠪᠦᠰᠡ ᠵᠢᠨ ᠨᠢᠬᠡ ᠴᠤᠭᠴᠠᠵᠢᠭᠤᠯᠤᠭᠰᠠᠨ ᠬᠦᠭᠵᠢᠯᠳᠠ ᠨᠢᠬᠡᠨᠳᠡ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠬᠤᠪᠢ᠎ᠪᠠᠷ ᠵᠢᠩᠬᠢᠨᠢ᠎ᠪᠠᠷ ᠬᠡᠷᠡᠭᠵᠢᠬᠦᠯᠪᠠ; ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ ᠵᠢᠨ ᠬᠠᠤᠯᠢ ᠵᠢ ᠢᠷᠡᠬᠦ ᠵᠢᠯ᠎ᠤᠨ 1 ᠰᠠᠷ᠎ᠠ ᠵᠢᠨ 1᠎ᠤ ᠡᠳᠤᠷ᠎ᠠᠴᠠ ᠬᠡᠷᠡᠭᠵᠢᠬᠦᠯᠥᠨ᠎ᠡ; ᠪᠡᠯᠡ ᠤᠷᠤᠭᠤᠯᠤᠯᠳᠠ ᠵᠢ ᠵᠦᠪᠰᠢᠶᠡᠷᠡᠬᠦ᠎ᠠᠴᠠ ᠡᠮᠦᠨᠡᠬᠢ ᠤᠯᠤᠰ ᠠᠷᠠᠳ᠎ᠤᠨ ᠬᠠᠷᠠᠭ᠋ᠠᠯᠵᠠᠯ ᠳᠡᠭᠡᠷ᠎ᠠ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠨᠡᠮᠡᠬᠦ ᠬᠠᠮᠢᠶᠠᠷᠤᠯᠳᠠ ᠵᠢ ᠪᠦᠬᠦ ᠲᠡᠯ᠎ᠡ᠎ᠪᠠᠷ ᠬᠡᠷᠡᠭᠵᠢᠬᠦᠯᠬᠦ ᠲᠦᠷᠢᠮ᠎ᠢ ᠨᠢᠬᠡᠨᠳᠡ ᠲᠤᠭᠳᠠᠭ᠋ᠠᠪᠠ; ᠭᠠᠳᠠᠭ᠋ᠠᠳᠤ ᠤᠷᠤᠭᠤᠯᠤᠯᠳᠠ ᠵᠢ ᠦᠷᠬᠡᠳᠬᠡᠵᠥ ᠬᠡᠷᠡᠭᠯᠡᠭᠡ ᠵᠢ ᠠᠬᠢᠭᠤᠯᠬᠤ᠂ ᠪᠤᠭᠤᠮᠳᠠ ᠵᠢᠨ ᠭᠠᠶ᠋ᠢᠯᠢ ᠵᠢ ᠤᠯᠠᠮ ᠴᠢᠨᠠᠬᠰᠢᠳᠠ ᠪᠠᠭᠤᠷᠠᠭᠤᠯᠬᠤ ᠵᠡᠷᠬᠡ ᠠᠵᠢᠯ ᠴᠢᠬᠤᠯᠠ ᠶᠡᠭᠡ ᠠᠬᠢᠴᠠ᠎ᠲᠠᠢ ᠪᠤᠯᠪᠠ᠃ ᠨᠢᠳᠤᠨᠤᠨ᠂ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠬᠤᠭᠤᠴᠠᠭ᠋ᠠᠨ᠎ᠳᠤ ᠶᠠᠪᠤᠭᠳᠠᠭᠰᠠᠠ ᠬᠤᠶᠠᠷ ᠲᠠᠯ᠎ᠠ ᠵᠢᠨ ᠠᠵᠢᠯᠯᠠᠭ᠎ᠠ ᠳᠤᠮᠳᠠ ᠪᠢ ᠬᠠᠮᠢᠶ᠎ᠠ ᠪᠦᠬᠦᠢ ᠤᠯᠤᠰ᠎ᠤᠨ᠎ᠬᠢᠨ᠎ᠲᠠᠢ 98 ᠵᠦᠢ᠍ᠯ᠎ᠤᠨ ᠬᠠᠮᠳᠤᠷᠠᠨ ᠠᠵᠢᠯᠯᠠᠬᠤ ᠶᠠᠪᠤᠳᠠᠯ ᠲᠤᠬᠢᠷᠠᠯᠴᠠᠵᠠᠢ᠂ ᠡᠬᠦᠨ᠎ᠳᠤ 23 ᠵᠦᠢ᠍ᠯ᠎ᠢ᠎ᠨᠢ ᠨᠢᠬᠡᠨᠳᠡ ᠭᠦᠢ᠍ᠴᠡᠳᠭᠡᠵᠤ᠂ 47 ᠵᠦᠢ᠍ᠯ᠎ᠨᠢ ᠢᠳᠡᠪᠬᠢᠳᠠᠢ ᠠᠬᠢᠴᠠ᠎ᠲᠠᠢ ᠪᠤᠯᠵᠥ᠂ 28 ᠵᠦᠢ᠍ᠯ᠎ᠢ᠎ᠨᠢ ᠶᠠᠭ ᠱᠠᠯᠠᠪᠳᠠᠭᠤᠯᠤᠨ ᠠᠬᠢᠭᠤᠯᠵᠥ ᠪᠠᠶ᠋ᠢᠨ᠎ᠠ᠃
      ᠠᠪᠠᠭ᠍ᠠᠢ ᠨᠡᠷ᠂ ᠠᠪᠤᠭ᠋ᠠᠢ ᠨᠠᠷ᠂ ᠨᠠᠶ᠋ᠢᠵᠠ ᠨᠠᠷ ᠡ!
      ᠠᠵᠥ ᠠᠬᠤᠢ ᠵᠢᠨ ᠲᠡᠯᠡᠬᠡᠶ᠋ᠢᠵᠢᠯᠳᠠ ᠪᠤᠯ ᠲᠡᠤᠬᠡ ᠵᠢᠨ ᠤᠷᠤᠰᠬᠠᠯ ᠪᠤᠯᠤᠨ᠎ᠠ᠃ ᠬᠦᠬᠡᠮᠦ᠋ᠷᠡᠨ᠂ ᠨᠢᠯ ᠮᠦᠷᠡᠨ᠂ ᠠᠮᠠᠽᠤᠨᠠᠰ ᠮᠦᠷᠡᠨ᠂ ᠳ᠋ᠤᠨᠠᠥ᠋ ᠮᠦᠷᠡᠨ ᠡᠳᠤᠷ ᠰᠦᠨᠢ ᠦᠬᠡᠢ ᠳᠤᠯᠬᠢᠶᠠᠯᠠᠨ ᠤᠷᠤᠰᠴᠦ ᠯᠡ ᠪᠠᠶ᠋ᠢᠳᠠᠭ᠂ ᠬᠡᠳᠦ᠋ᠢ᠍ᠪᠡᠷ ᠵᠠᠷᠢᠮ᠎ᠳᠠᠭᠠᠨ ᠭᠡᠳᠡᠷᠬᠦ ᠳᠠᠪᠠᠯᠭ᠋ᠠᠨ ᠭᠠᠷᠳᠠᠭ ᠴᠤ᠌᠂ ᠬᠡᠳᠦ᠋ᠢ᠍ᠪᠡᠷ ᠮᠠᠰᠢ ᠤᠯᠠᠨ ᠪᠠᠷᠳᠠᠭ᠋ᠠᠳᠤ ᠭᠠᠵᠠᠷ ᠲᠡᠯᠳᠡ ᠪᠤᠱ᠌ᠤᠭ᠎ᠠ ᠬᠠᠷᠭᠤᠳᠠᠭ ᠴᠤ᠌᠂ ᠶᠡᠭᠡ ᠮᠦᠷᠡᠨ᠎ᠤ ᠤᠰᠤᠨ᠎ᠤ ᠳᠤᠯᠬᠢᠶᠠᠯᠠᠨ ᠤᠷᠤᠰᠬᠤ ᠪᠠᠶ᠋ᠢᠳᠠᠯ᠎ᠢ ᠬᠡᠨ ᠴᠦ᠍ ᠬᠤᠷᠢᠬᠯᠡᠵᠥ ᠴᠢᠳᠠᠬᠤ ᠦᠬᠡᠢ ᠪᠢᠯᠡ᠃
      ᠲᠡᠯᠡᠬᠡᠢ ᠵᠢᠨ ᠠᠵᠥ ᠠᠬᠤᠢ ᠵᠢᠨ ᠬᠦᠭᠵᠢᠯᠳᠡ᠎ᠳᠤ ᠲᠤᠯᠭ᠋ᠠᠷᠠᠭᠰᠠᠠ ᠬᠦᠴᠢᠷ ᠠᠰᠠᠭᠤᠳᠠᠯ᠎ᠢ ᠠᠯᠢ ᠨᠢᠬᠡᠨ ᠤᠯᠤᠰ ᠭᠠᠭᠴᠠᠭ᠋ᠠᠷ ᠵᠶ᠋ᠠᠨ ᠰᠢᠢ᠍ᠳᠪᠤᠷᠢᠯᠡᠵᠥ ᠴᠢᠳᠠᠬᠤ ᠦᠬᠡᠢ ᠶᠤᠮ᠃ ᠡᠯ᠎ᠡ ᠤᠯᠤᠰ᠎ᠤᠨ᠎ᠬᠢᠨ ᠬᠦᠮᠥᠨ ᠲᠦᠷᠦᠯᠬᠢᠳᠡᠨ᠎ᠢ ᠤᠷᠢᠳ ᠵᠶ᠋ᠠᠷ ᠪᠤᠳᠤᠯᠬᠢᠯᠠᠬᠤ ᠤᠢ᠌ᠢ᠍ᠯᠠᠭ᠋ᠠᠬᠳᠠᠬᠤᠨ᠎ᠢ ᠪᠠᠷᠢᠮᠳᠠᠯᠠᠪᠠᠯ ᠵᠤᠬᠢᠨ᠎ᠠ᠂ ᠬᠠᠷᠢᠨ ᠬᠤᠪᠢᠨ᠎ᠤ᠎ᠪᠠᠨ ᠠᠰᠢᠬ ᠲᠤᠰᠠ ᠵᠢ ᠬᠦᠮᠥᠨ ᠲᠦᠷᠦᠯᠬᠢᠳᠡᠨ᠎ᠤ ᠠᠰᠢᠬ ᠲᠤᠰᠠ᠎ᠠᠴᠠ ᠳᠡᠭᠡᠭᠦᠷ ᠲᠠᠯᠪᠢᠵᠤ ᠪᠤᠯᠬᠤ ᠦᠬᠡᠢ ᠪᠢᠯᠡ᠃ ᠪᠢᠳᠡ ᠨᠡᠩ ᠨᠡᠬᠡᠬᠡᠯᠳᠡᠳᠤ ᠤᠪᠤᠷ ᠪᠠᠶ᠋ᠢᠳᠠᠯ ᠪᠤᠯᠤᠨ ᠠᠷᠭ᠎ᠠ ᠬᠡᠮᠵᠢᠶ᠎ᠡ᠎ᠪᠠᠷ᠂ ᠪᠦᠬᠦ ᠪᠦᠮᠪᠦᠷᠴᠡᠭ᠎ᠤᠨ ᠵᠠᠬ᠎ᠠ ᠲᠡᠯᠬᠡᠬᠦᠷ᠎ᠤᠨ 《ᠦᠨᠳᠡᠭᠡ᠎ᠲᠠᠢ ᠪᠤᠭᠤᠷᠰᠤᠭ》᠎ᠢ ᠤᠯᠠᠮ ᠪᠤᠵᠠᠭ᠋ᠠᠢ᠌ᠢ᠍ᠷᠠᠭᠤᠯᠵᠤ᠂ ᠪᠦᠬᠦ ᠪᠦᠮᠪᠦᠷᠴᠡᠭ᠎ᠤᠨ ᠬᠠᠮᠳᠤ᠎ᠪᠠᠷ ᠡᠳ᠋ᠯᠡᠬᠦ ᠲᠤᠭᠳᠠᠴᠠ ᠵᠢ ᠪᠤᠳᠠᠳᠠᠶ᠋ᠢᠵᠢᠭᠤᠯᠵᠥ᠂ ᠪᠦᠬᠦ ᠪᠦᠮᠪᠦᠷᠴᠡᠭ᠎ᠤᠨ ᠬᠠᠮᠳᠤᠷᠠᠨ ᠠᠵᠢᠯᠯᠠᠬᠤ ᠠᠷᠭ᠎ᠠ ᠬᠡᠯᠪᠡᠷᠢ ᠵᠢ ᠠᠮᠢᠳᠤᠯᠢᠬ᠍ᠵᠢᠭᠤᠯᠵᠥ᠂ ᠬᠠᠮᠳᠤ᠎ᠪᠠᠷ ᠠᠵᠥ ᠠᠬᠤᠢ ᠵᠢᠨ ᠲᠡᠯᠡᠬᠡᠶ᠋ᠢᠵᠢᠯᠳᠠ ᠵᠢᠨ ᠬᠦᠳᠡᠯᠬᠡᠬᠦ ᠬᠦᠴᠦᠨ᠎ᠢ ᠤᠯᠠᠮ ᠲᠤᠷᠪᠢ ᠰᠠᠶ᠋ᠢᠳᠠᠢ ᠪᠤᠯᠭ᠋ᠠᠵᠤ᠂ ᠬᠠᠷᠰᠢ ᠰᠠᠭ᠋ᠠᠳ᠎ᠢ᠎ᠨᠢ ᠤᠯᠠᠮ ᠪᠠᠭ᠋ᠠᠰᠬᠠᠶ᠎ᠠ᠃
      ᠡᠬᠦᠨ᠎ᠤ ᠲᠤᠯᠠ ᠪᠢ ᠲᠤᠤᠷᠠᠬᠢ ᠭᠡᠳᠦᠨ ᠰᠠᠨᠠᠭ᠋ᠠᠴᠢᠯᠠᠭ᠎ᠠ ᠵᠢ ᠲᠤᠷᠠᠳᠤᠶ᠎ᠡ᠃
      ᠨᠢᠭᠡᠳᠦᠭᠡᠷ᠎ᠲᠤ᠂ ᠨᠡᠭᠡᠭᠡᠯᠳᠠ ᠬᠢᠵᠤ ᠬᠠᠮᠳᠤᠷᠠᠯᠴᠠᠬᠤ ᠲᠡᠯᠡᠭᠡᠢ ᠵᠢᠨ ᠠᠵᠤ ᠠᠬᠤᠢ ᠵᠢ ᠬᠠᠮᠳᠤ᠎ᠪᠠᠷ ᠪᠠᠶ᠋ᠢᠭᠤᠯᠤᠶ᠎ᠡ᠃ ᠤᠳᠤ ᠵᠢᠨ ᠲᠠᠯᠠᠭᠡᠢ ᠳ᠋ᠠᠬᠢᠨ᠎ᠳᠤ᠂ ᠪᠦᠬᠦ ᠪᠦᠮᠪᠦᠷᠴᠡᠭ᠎ᠤᠨ ᠦᠷᠳᠡᠭ᠎ᠤᠨ ᠬᠡᠯᠬᠢᠶ᠎ᠡ᠂ ᠬᠠᠨᠭ᠌ᠭ᠋ᠠᠯᠭ᠎ᠠ ᠵᠢᠨ ᠬᠡᠯᠬᠢᠶ᠎ᠡ ᠬᠦᠨᠵᠡᠭᠡᠢ ᠬᠦᠭᠵᠢᠵᠤ᠂ ᠭᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ ᠬᠠᠷᠢᠯᠴᠠᠨ ᠠᠭᠤᠰᠤᠯᠴᠠᠵᠤ᠂ ᠡᠯ᠎ᠡ ᠤᠯᠤᠰ᠎ᠤᠨ ᠠᠵᠤ ᠠᠬᠤᠢ ᠵᠢᠨ ᠠᠭᠤᠰᠤᠯᠴᠠᠯ ᠪᠤᠯ ᠪᠠᠶ᠋ᠢᠳᠠᠯ᠎ᠤᠨ ᠶᠡᠭᠡ ᠬᠠᠨᠳᠤᠰᠢ ᠪᠤᠯᠤᠨ᠎ᠡ᠃ ᠤᠢ᠌ᠢ᠍ᠷ᠎ᠠ ᠲᠤᠳᠤᠨᠤ ᠪᠤᠯᠵᠤ ᠬᠠᠷᠢᠯᠴᠠᠭ᠎ᠠ ᠶᠠᠪᠤᠯᠴᠠᠭ᠎ᠠ ᠤᠯᠠᠰᠢᠷᠠᠬᠤ᠎ᠪᠠᠷ ᠵᠦᠷᠢᠴᠡᠯ ᠮᠦᠷᠭᠦᠯᠳᠦᠭᠡᠨ ᠭᠠᠷᠬᠤ᠎ᠨᠢ ᠳᠠᠮᠵᠢᠭ ᠦᠭᠡᠢ᠃ ᠵᠦᠷᠢᠴᠡᠯ ᠮᠦᠷᠭᠦᠯᠳᠦᠭᠡᠨ᠎ᠤ ᠡᠮᠤᠨ᠎ᠡ᠂ ᠵᠦᠪᠳᠡᠯᠴᠡᠵᠤ ᠬᠠᠮᠳᠤᠷᠠᠯᠴᠠᠬᠤ ᠪᠤᠯ ᠰᠠᠶ᠋ᠢ ᠵᠦᠪ ᠵᠠᠮ ᠮᠦᠨ᠃ ᠡᠷᠭᠡ ᠲᠡᠭᠰᠢ᠎ᠪᠠᠷ ᠬᠠᠨᠳᠤᠯᠴᠠᠨ᠂ ᠬᠠᠷᠢᠯᠴᠠᠨ ᠤᠢ᠌ᠢ᠍ᠯᠠᠭ᠋ᠠᠯᠴᠠᠵᠤ ᠬᠠᠷᠢᠯᠴᠠᠨ ᠨᠠᠶ᠋ᠢᠷ ᠲᠠᠯᠪᠢᠪᠡᠯ ᠰᠢᠢ᠍ᠳᠪᠤᠷᠢᠯᠡᠵᠤ ᠲᠠᠶ᠋ᠢᠯᠬᠦ ᠦᠭᠡᠢ ᠬᠦᠴᠢᠷ ᠠᠰᠠᠭᠤᠳᠠᠯ ᠭᠡᠵᠤ ᠪᠠᠶ᠋ᠢᠬᠤ ᠦᠭᠡᠢ ᠶᠤᠮ᠃ ᠪᠢᠳᠠ ᠨᠡᠭᠡᠭᠡᠯᠳᠠ᠎ᠪᠠᠷ ᠬᠦᠭᠵᠢᠯᠳᠠ ᠵᠢ ᠡᠷᠢᠯᠭᠢᠯᠡᠬᠦ ᠵᠢ ᠪᠠᠷᠢᠮᠳᠠᠯᠠᠨ᠂ ᠰᠤᠯᠢᠯᠴᠠᠭ᠎ᠠ ᠬᠠᠮᠳᠤᠷᠠᠯᠴᠠᠭ᠎ᠠ᠎ᠪᠠᠨ ᠬᠦᠨᠵᠡᠭᠡᠶ᠋ᠢᠷᠠᠬᠦᠯᠵᠤ᠂ 《ᠭᠠᠷ ᠵᠶ᠋ᠠᠨ ᠬᠤᠯᠪᠤᠬᠤ》᠎ᠠᠴᠠ ᠪᠢᠰᠢ 《ᠭᠠᠷ ᠵᠶ᠋ᠠᠨ ᠲᠠᠯᠪᠢᠬᠤ》 ᠦᠭᠡᠢ ᠪᠠᠶ᠋ᠢᠬᠤ ᠵᠢ ᠪᠠᠷᠢᠮᠳᠠᠯᠠᠵᠤ᠂ 《ᠭᠡᠷᠡᠮ᠎ᠢ ᠨᠤᠷᠠᠭ᠋ᠠᠬᠤ》᠎ᠠᠴᠠ ᠪᠢᠰᠢ ᠬᠠᠷᠢᠨ 《ᠭᠡᠷᠡᠮ ᠪᠤᠰᠬᠠᠬᠤ》 ᠦᠭᠡᠢ ᠪᠠᠶ᠋ᠢᠬᠤ ᠵᠢ ᠪᠠᠷᠢᠮᠳᠠᠯᠠᠨ᠂ ᠬᠠᠮᠠᠭ᠋ᠠᠯᠠᠬᠤ ᠦᠵᠡᠯ᠂ ᠭᠠᠭᠴᠠ ᠲᠠᠯᠠᠳᠤ ᠦᠵᠡᠯ᠎ᠢ ᠡᠷᠡᠰ ᠡᠰᠡᠷᠬᠦᠴᠡᠵᠤ᠂ ᠠᠷᠠᠯᠵᠢᠶᠠᠨ᠎ᠤ ᠪᠠᠬᠢᠯᠡᠯᠳᠠ ᠵᠢ ᠲᠠᠰᠤᠷᠠᠯᠳᠠ ᠦᠭᠡᠢ ᠪᠠᠭ᠋ᠠᠰᠬᠠᠨ᠂ ᠪᠦᠬᠦ ᠪᠦᠮᠪᠦᠷᠴᠡᠭ᠎ᠤᠨ ᠦᠷᠳᠡᠭ᠎ᠤᠨ ᠬᠡᠯᠬᠢᠶ᠎ᠡ᠂ ᠬᠠᠨᠭ᠌ᠭ᠋ᠠᠯᠭ᠎ᠠ ᠵᠢᠨ ᠭᠡᠯᠬᠢᠶ᠎ᠡ ᠵᠢᠨ ᠨᠡᠩ ᠲᠡᠬᠦᠯᠳᠡᠷᠵᠢᠬᠦ ᠵᠢ ᠠᠬᠢᠭᠤᠯᠵᠤ᠂ ᠵᠠᠬ᠎ᠠ ᠲᠡᠯᠭᠡᠬᠦᠷ᠎ᠤᠨ ᠭᠡᠷᠡᠭᠴᠡᠭᠡ ᠵᠢ ᠬᠠᠮᠳᠤ᠎ᠪᠠᠷ ᠪᠤᠶ᠋ᠢᠵᠢᠭᠤᠯᠪᠡᠯ ᠵᠤᠬᠢᠨ᠎ᠡ᠃
      ᠬᠤᠶᠠᠳᠤᠭ᠋ᠠᠷ᠎ᠲᠤ᠂ ᠨᠡᠭᠡᠭᠡᠯᠳᠠ ᠬᠢᠵᠤ ᠰᠢᠨ᠎ᠡ ᠵᠢ ᠡᠬᠦᠳᠬᠦ ᠲᠡᠯᠡᠭᠡᠢ ᠵᠢᠨ ᠠᠵᠤ ᠠᠬᠤᠢ ᠵᠢ ᠬᠠᠮᠳᠤ᠎ᠪᠠᠷ ᠪᠠᠶ᠋ᠢᠭᠤᠯᠤᠶ᠎ᠡ᠃ ᠰᠢᠨ᠎ᠡ ᠵᠢ ᠡᠬᠦᠳᠬᠦ ᠬᠦᠭᠵᠢᠯᠳᠠ ᠪᠤᠯ ᠲᠡᠯᠡᠭᠡᠢ ᠵᠢᠨ ᠠᠵᠤ ᠠᠬᠤᠢ ᠵᠢᠨ ᠦᠷᠬᠦᠯᠵᠢᠯᠡᠬᠦ ᠬᠦᠭᠵᠢᠯᠳᠠ ᠵᠢ ᠬᠦᠳᠦᠯᠤᠨ ᠲᠠᠭ᠋ᠠᠭᠤᠯᠬᠤ ᠵᠠᠶ᠋ᠢᠯᠠᠰᠢ ᠦᠭᠡᠢ ᠰᠤᠩᠭᠤᠯᠳᠠ ᠮᠦᠨ᠃ ᠤᠳᠤᠬᠠᠨ᠎ᠳᠤ ᠰᠢᠨ᠎ᠠ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠤᠯᠤᠨ ᠠᠵᠤ ᠦᠢ᠍ᠯᠡᠰ᠎ᠤᠨ ᠬᠤᠪᠢᠰᠤᠯᠳᠠ ᠶᠠᠭ ᠴᠢᠬᠤᠯᠠ ᠶᠡᠭᠡ ᠰᠢᠪᠳᠤᠯᠤᠯᠳᠠ ᠵᠢ ᠪᠠᠶᠡᠯᠡᠬᠦᠯᠬᠦ ᠲᠡᠦᠬᠡ ᠵᠢᠨ ᠵᠠᠩᠬᠢᠯᠠᠭ᠎ᠠ ᠵᠢᠨ ᠪᠤᠭᠤᠮᠳᠠ᠎ᠳᠤ ᠤᠷᠤᠰᠢᠵᠤ ᠪᠠᠶ᠋ᠢᠨ᠎ᠡ᠃ ᠡᠯ᠎ᠡ ᠤᠯᠤᠰ᠎ᠤᠨ᠎ᠬᠢᠨ ᠰᠢᠨ᠎ᠡ ᠵᠢ ᠡᠬᠦᠳᠬᠦ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠤᠯᠤᠨ ᠠᠵᠤ ᠠᠬᠤᠢ ᠵᠢᠨ ᠬᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠡᠬᠦᠳᠦᠯᠳᠠ ᠵᠢᠨ ᠦᠷ᠎ᠡ ᠪᠦᠳᠦᠭᠡᠯ᠎ᠢ ᠬᠠᠮᠳᠤ᠎ᠪᠠᠷ ᠡᠳ᠋ᠯᠡᠬᠦ ᠵᠢ ᠴᠢᠩᠭ᠋ᠠᠳᠬᠠᠨ᠂ ᠮᠡᠳᠡᠯᠭᠡ᠂ ᠮᠡᠷᠭᠡᠵᠢᠯ᠂ ᠴᠢᠳᠠᠪᠤᠷᠢᠳᠠᠨ ᠵᠡᠷᠭᠡ ᠰᠢᠨ᠎ᠡ ᠵᠢ ᠡᠬᠦᠳᠬᠦ ᠴᠢᠬᠤᠯᠠ ᠡᠯᠧᠮᠧᠨ᠋ᠲ᠎ᠤᠨ ᠰᠢᠯᠵᠢᠯᠳᠠ ᠵᠢ ᠬᠢᠵᠠᠭ᠋ᠠᠷᠯᠠᠬᠤ ᠪᠠᠬᠢᠯᠡᠯᠳᠠ ᠵᠢ ᠴᠢᠷᠮᠠᠶ᠋ᠢᠨ ᠡᠪᠳᠡᠵᠤ᠂ ᠠᠵᠤ ᠠᠬᠤᠢ᠌ᠢ᠍ᠯᠡᠯ᠎ᠤᠨ ᠪᠡᠶ᠎ᠡ᠎ᠪᠠᠨ ᠲᠠᠭ᠋ᠠᠭ᠋ᠠᠵᠤ ᠮᠡᠷᠭᠡᠵᠢᠯ᠎ᠤᠨ ᠰᠤᠯᠢᠯᠴᠠᠭ᠎ᠠ ᠬᠠᠮᠳᠤᠷᠠᠯᠴᠠᠭ᠎ᠠ ᠦᠷᠨᠢᠬᠦᠯᠬᠦ ᠵᠢ ᠲᠠᠮᠵᠢᠨ᠂ ᠰᠢᠨ᠎ᠡ ᠵᠢ ᠡᠬᠦᠳᠬᠦ ᠡᠬᠢ ᠪᠤᠯᠠᠭ᠎ᠢ ᠬᠦᠢ᠍ᠴᠡᠳ ᠤᠨᠳᠤᠷᠤᠭᠤᠯᠪᠡᠯ ᠵᠤᠬᠢᠨ᠎ᠡ᠃ ᠮᠡᠳᠡᠯᠭᠡ ᠵᠢᠨ ᠡᠬᠦᠳᠦᠨ ᠪᠦᠳᠦᠭᠡᠯᠳᠠ ᠵᠢ ᠨᠡᠩ ᠰᠠᠶ᠋ᠢᠨ ᠵᠶ᠋ᠠᠷ ᠭᠡᠷᠡᠭᠯᠡᠵᠤ ᠬᠦᠮᠦᠨ ᠲᠦᠷᠦᠯᠬᠢᠳᠠᠨ᠎ᠳᠤ ᠪᠤᠶᠠᠨ ᠦᠢ᠍ᠯᠡᠳᠬᠦ ᠵᠢᠨ ᠲᠦᠯᠦᠭᠡ᠂ ᠪᠢᠳᠠ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠠᠮᠠᠭ᠋ᠠᠯᠠᠯᠳᠠ ᠵᠢ ᠬᠠᠮᠳᠤ᠎ᠪᠠᠷ ᠴᠢᠩᠭ᠋ᠠᠳᠬᠠᠬᠤ᠎ᠠᠴᠠ ᠪᠢᠰᠢ ᠬᠠᠷᠢᠨ ᠮᠡᠳᠡᠯᠭᠡ ᠵᠢᠨ ᠪᠢᠳᠡᠬᠦᠮᠵᠢᠯᠡᠯ ᠬᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠦᠷᠢᠶ᠎ᠠ ᠵᠢ ᠪᠤᠢ ᠪᠤᠯᠭ᠋ᠠᠬᠤ ᠪᠤᠶᠤ ᠴᠢᠨᠠᠬᠰᠢᠯᠠᠨ ᠶᠡᠭᠡᠰᠭᠡᠬᠦ ᠦᠭᠡᠢ ᠪᠠᠶ᠋ᠢᠪᠡᠯ ᠵᠤᠬᠢᠨ᠎ᠡ᠃
      ᠭᠤᠷᠪᠠᠳᠤᠭ᠋ᠠᠷ᠎ᠲᠤ᠂ ᠨᠡᠭᠡᠭᠡᠯᠳᠠ ᠬᠢᠵᠤ ᠬᠠᠮᠳᠤ᠎ᠪᠠᠷ ᠡᠳ᠋ᠯᠡᠬᠦ ᠲᠡᠯᠡᠭᠡᠢ ᠵᠢᠨ ᠠᠵᠤ ᠠᠬᠤᠢ ᠵᠢ ᠬᠠᠮᠳᠤ᠎ᠪᠠᠷ ᠪᠠᠶ᠋ᠢᠭᠤᠯᠤᠶ᠎ᠡ᠃ ᠪᠢᠳᠠ ᠪᠠᠭᠳᠠᠭ᠋ᠠᠮᠵᠢᠳᠠᠢ ᠬᠠᠮᠳᠤ᠎ᠪᠠᠷ ᠠᠰᠢᠭ ᠬᠦᠷᠳᠡᠬᠦ ᠬᠦᠭᠵᠢᠯᠳᠠ ᠵᠢᠨ ᠢᠷᠡᠭᠡᠳᠦᠢ ᠵᠢ ᠡᠷᠢᠯᠭᠢᠯᠡᠵᠤ᠂ ᠤᠯᠠᠨ ᠤᠯᠤᠰ᠎ᠤᠨ ᠬᠤᠯᠪᠤᠭ᠋ᠠᠳᠤ ᠪᠠᠶ᠋ᠢᠭᠤᠯᠭ᠎ᠠ ᠵᠢᠨ ᠦᠨᠳᠦᠰᠤᠨ ᠲᠦᠷᠢᠮ᠎ᠤᠨ ᠵᠤᠷᠢᠯᠳᠠ ᠪᠤᠯᠤᠨ ᠵᠠᠷᠴᠢᠮ ᠵᠶ᠋ᠠᠷ ᠰᠠᠭᠤᠷᠢ ᠪᠤᠯᠭ᠋ᠠᠬᠰᠡᠨ ᠤᠯᠠᠨ ᠤᠯᠤᠰ᠎ᠤᠨ ᠡᠮᠬᠢ ᠲᠢᠭᠯᠢᠮ᠎ᠢ ᠬᠠᠮᠳᠤ᠎ᠪᠠᠷ ᠬᠠᠮᠠᠭ᠋ᠠᠯᠠᠵᠤ᠂ ᠤᠯᠠᠨ ᠲᠠᠯᠠᠳᠤ ᠠᠷᠠᠯᠵᠢᠶᠠᠨ᠎ᠤ ᠪᠠᠶ᠋ᠢᠭᠤᠯᠤᠮᠵᠢ ᠵᠢᠨ ᠭᠤᠤᠯᠯᠠᠬ᠍ᠴᠢ ᠦᠷᠳᠡᠭ ᠪᠤᠯᠤᠨ ᠦᠨᠳᠦᠰᠦᠨ ᠵᠠᠷᠴᠢᠮ᠎ᠢ ᠪᠠᠷᠢᠮᠳᠠᠯᠠᠵᠤ᠂ ᠠᠷᠠᠯᠵᠢᠶ᠎ᠡ ᠪᠤᠯᠤᠨ ᠪᠡᠯᠡ ᠤᠷᠤᠭᠤᠯᠤᠯᠳᠠ ᠵᠢᠨ ᠴᠢᠯᠦᠭᠡᠵᠢᠯᠳᠠ ᠪᠠ ᠲᠦᠬᠦᠮ ᠳᠦᠳᠡᠴᠢᠯᠡᠯᠳᠡ ᠵᠢ ᠠᠬᠢᠭᠤᠯᠵᠤ᠂ ᠠᠵᠤ ᠠᠬᠤᠢ ᠵᠢᠨ ᠲᠠᠯᠠᠭᠡᠶ᠋ᠢᠵᠢᠯᠳᠠ ᠵᠢᠨ ᠨᠡᠩ ᠨᠡᠭᠡᠭᠡᠯᠳᠠᠳᠤ᠂ ᠪᠠᠭᠳᠠᠭ᠋ᠠᠮᠵᠢᠳᠠᠢ᠂ ᠲᠦᠭᠡᠮᠡᠯ ᠠᠰᠢᠭ ᠬᠦᠷᠳᠡᠬᠦ᠂ ᠲᠠᠩᠴᠡᠬᠦᠷᠢᠳᠠᠢ᠂ ᠬᠠᠮᠳᠤ᠎ᠪᠠᠷ ᠠᠰᠢᠭ ᠬᠦᠷᠳᠡᠬᠦ ᠴᠢᠭᠯᠡᠯ ᠲᠠᠶ᠋ᠢᠰᠢ ᠬᠦᠭᠵᠢᠬᠦ ᠵᠢ ᠠᠬᠢᠭᠤᠯᠪᠡᠯ ᠵᠤᠬᠢᠨ᠎ᠡ᠃ ᠪᠢᠳᠠ ᠤᠯᠠᠨ ᠤᠯᠤᠰ᠎ᠤᠨ ᠬᠤᠯᠪᠤᠭ᠋ᠠᠳᠤ ᠪᠠᠶ᠋ᠢᠭᠤᠯᠭ᠎ᠠ ᠵᠢᠨ 2030 ᠤᠨ᠎ᠤ ᠦᠷᠬᠦᠯᠵᠢᠯᠡᠬᠦ ᠬᠦᠭᠵᠢᠯᠳᠠ ᠵᠢᠨ ᠵᠦᠪᠯᠡᠬᠦ ᠵᠦᠢ᠍ᠯᠡᠰ᠎ᠢ ᠨᠠᠶ᠋ᠢᠳᠠᠪᠤᠷᠢᠵᠢᠭᠤᠯᠵᠤ᠂ ᠬᠠᠮᠤᠭ᠎ᠤᠨ ᠬᠦᠭᠵᠢᠭᠡᠳᠤᠢ ᠤᠯᠤᠰ᠎ᠢ ᠲᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠦᠭᠵᠢᠯᠳᠠ ᠵᠢᠨ ᠦᠷ᠎ᠡ ᠪᠦᠳᠦᠭᠡᠯ᠎ᠢ ᠨᠡᠩ ᠤᠯᠠᠨ ᠤᠯᠤᠰ ᠪᠠ ᠠᠷᠠᠳ ᠤᠯᠠᠨ᠎ᠳᠤ ᠬᠦᠷᠳᠡᠭᠡᠪᠡᠯ ᠵᠤᠬᠢᠨ᠎ᠡ᠃
      ᠠᠪᠠᠭ᠍ᠠᠢ ᠨᠠᠷ᠂ ᠠᠪᠤᠭ᠋ᠠᠢ ᠨᠠᠷ᠂ ᠨᠠᠶ᠋ᠢᠵᠠ ᠨᠠᠷ ᠡ!
      ᠰᠢᠨ᠎ᠡ ᠲᠡᠤᠭᠡᠨ ᠭᠠᠷᠤᠭ᠎ᠠ᠎ᠳᠤ᠂ ᠲᠤᠮᠳᠠᠳᠤ ᠤᠯᠤᠰ ᠨᠡᠭᠡᠭᠡᠯᠳᠠ ᠬᠢᠬᠦ ᠡᠬᠦᠳᠠ᠎ᠪᠠᠨ ᠶᠠᠪᠤᠬᠤ ᠲᠤᠳᠤᠮ ᠶᠡᠭᠡ ᠨᠡᠭᠡᠭᠡᠬᠦ ᠪᠤᠯᠤᠨ᠎ᠡ᠃ ᠲᠤᠮᠳᠠᠳᠤ ᠤᠯᠤᠰ᠎ᠤᠨ ᠡᠪ ᠬᠠᠮᠳᠤ ᠨᠠᠮ ᠰᠠᠶ᠋ᠢᠬᠠᠨ ᠠᠷᠪᠡ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠲᠦᠷᠪᠡᠳᠦᠭᠡᠷ ᠪᠦᠬᠦᠳᠠ ᠬᠤᠷᠠᠯ ᠬᠤᠷᠠᠯᠳᠤᠭᠤᠯᠵᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠪᠠᠶ᠋ᠢᠭᠤᠯᠤᠯ᠎ᠢ ᠪᠠᠷᠢᠮᠳᠠᠯᠠᠨ ᠲᠡᠭᠦᠯᠳᠡᠷᠵᠢᠭᠦᠯᠵᠤ᠂ ᠤᠯᠤᠰ᠎ᠤᠨ ᠵᠠᠰᠠᠯᠳᠠ ᠵᠢᠨ ᠰᠢᠰᠲ᠋ᠧᠮ ᠪᠤᠯᠤᠨ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠬᠤ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠡᠨ᠎ᠤ ᠲᠤᠬᠳᠠᠭ᠋ᠠᠯ᠎ᠢ ᠲᠤᠬᠳᠠᠭ᠋ᠠᠪᠠ᠂ ᠡᠭᠦᠨ᠎ᠳᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠨᠡᠭᠡᠭᠡᠯᠲᠡ᠎ᠪᠠᠨ ᠥᠷᠭᠡᠳᠬᠡᠬᠦ ᠲᠤᠬᠠᠢ ᠠᠯᠢ ᠣᠯᠠᠨ ᠴᠢᠬᠤᠯᠠ ᠠᠷᠭ᠎ᠠ ᠬᠡᠮᠵᠢᠶ᠎ᠡ ᠪᠠᠭᠲᠠᠵᠤ ᠪᠠᠶ᠋ᠢᠨ᠎ᠠ᠃ ᠪᠢᠳᠡ ᠭᠠᠳᠠᠭ᠋ᠠᠳᠤ ᠨᠡᠭᠡᠭᠡᠯᠲᠡ ᠬᠢᠬᠦ ᠦᠨᠳᠦᠰᠦᠨ ᠲᠦᠷᠦ ᠵᠢᠨ ᠪᠣᠳᠣᠯᠭ᠎ᠠ ᠵᠢ ᠪᠠᠷᠢᠮᠲᠠᠯᠠᠵᠤ᠂ ᠨᠡᠭᠡᠭᠡᠯᠲᠡ᠎ᠪᠠᠷ ᠥᠭᠡᠷᠡᠴᠢᠯᠡᠯᠲᠡ ᠵᠢ ᠠᠬᠢᠭᠤᠯᠬᠤ᠂ ᠬᠥᠭᠵᠢᠯᠲᠡ ᠵᠢ ᠠᠬᠢᠭᠤᠯᠬᠤ᠂ ᠰᠢᠨ᠎ᠡ ᠵᠢ ᠡᠭᠦᠳᠬᠦ ᠵᠢ ᠠᠬᠢᠭᠤᠯᠬᠤ ᠵᠢ ᠪᠠᠷᠢᠮᠲᠠᠯᠠᠵᠤ᠂ ᠨᠠᠩ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠦᠷᠭᠦᠯᠵᠢᠯᠡᠨ ᠠᠬᠢᠭᠤᠯᠬᠤ ᠪᠤᠯᠤᠨ᠎ᠠ᠃
      ᠨᠢᠭᠡᠳᠦᠭᠡᠷ᠎ᠲᠤ᠂ ᠵᠠᠬ᠎ᠠ ᠳᠡᠯᠭᠡᠭᠦᠷ᠎ᠤᠨ ᠨᠡᠭᠡᠭᠡᠯᠲᠡ᠎ᠪᠠᠨ ᠦᠷᠭᠦᠯᠵᠢᠯᠡᠨ ᠥᠷᠭᠡᠳᠬᠡᠨ᠎ᠡ᠃ ᠳᠤᠮᠳᠠᠳᠤ ᠤᠯᠤᠰ 14 ᠳ᠋ᠦᠩᠰᠢᠭᠤᠷ ᠰᠢᠬᠠᠮ ᠬᠥᠮᠦᠨ ᠠᠮᠠ᠎ᠲᠠᠢ᠂ ᠳᠤᠮᠳᠠ ᠵᠡᠷᠭᠡ ᠵᠢᠨ ᠣᠷᠣᠯᠭ᠎ᠠ᠎ᠲᠠᠢ ᠬᠦᠮᠦᠰ᠎ᠤᠨ ᠬᠡᠪᠴᠢᠶ᠎ᠡ ᠪᠦᠬᠦ ᠪᠥᠮᠪᠥᠷᠴᠡᠭ᠎ᠲᠤ ᠬᠠᠮᠤᠭ᠎ᠤᠨ ᠶᠡᠭᠡ᠂ ᠵᠠᠬ᠎ᠠ ᠳᠡᠯᠭᠡᠭᠦᠷ᠎ᠤᠨ ᠬᠡᠪᠴᠢᠶ᠎ᠡ ᠯᠤᠲᠤ ᠶᠡᠭᠡ᠂ ᠨᠦᠬᠡᠴᠡ ᠬᠦᠴᠦᠨ ᠯᠤᠲᠤ ᠶᠡᠭᠡ᠂ ᠠᠯᠤᠰ ᠢᠷᠡᠭᠡᠳᠦᠶ ᠬᠡᠮᠵᠢᠶᠡᠯᠡᠭᠦᠶ᠎ᠠ ᠪᠡᠷᠬᠡ ᠪᠠᠶ᠋ᠢᠳᠠᠭ᠃ ᠳᠤᠮᠳᠠᠳᠤ ᠤᠯᠤᠰ᠎ᠤᠨ ᠠᠷᠠᠳ ᠲᠦᠮᠡᠨ᠎ᠤ ᠳᠤᠮᠳᠠ 《ᠳᠡᠯᠡᠬᠡᠶ ᠲᠡᠶ᠋ᠢᠮᠦ ᠶᠡᠭᠡ᠂ ᠪᠢ ᠣᠴᠢᠵᠤ ᠦᠵᠡᠬᠦ ᠰᠠᠨᠠᠭ᠎ᠠ᠎ᠲᠠᠢ》 ᠭᠡᠬᠦ ᠶᠠᠷᠢᠶ᠎ᠠ ᠳᠡᠯᠭᠡᠷᠡᠵᠦ ᠪᠠᠶ᠋ᠢᠳᠠᠭ᠃ ᠠᠳᠡ ᠪᠢ ᠳᠤᠮᠳᠠᠳᠤ ᠤᠯᠤᠰ᠎ᠤᠨ ᠵᠠᠬ᠎ᠠ ᠳᠡᠯᠭᠡᠭᠦᠷ ᠡᠶ᠋ᠢᠮᠦ ᠶᠡᠭᠡ ᠪᠠᠶ᠋ᠢᠨ᠎ᠠ᠂ ᠣᠯᠠᠨ ᠵᠶ᠋ᠠᠷ ᠵᠶ᠋ᠠᠨ ᠢᠷᠡᠵᠦ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ ᠭᠡᠵᠦ ᠬᠡᠯᠡᠶ᠎ᠡ᠃ ᠳᠤᠮᠳᠠᠳᠤ ᠤᠯᠤᠰ ᠤᠯᠤᠰ᠎ᠤᠨ ᠳᠣᠲᠣᠭ᠋ᠠᠳᠤ ᠵᠢᠨ ᠬᠡᠷᠡᠭᠯᠡᠭᠡ ᠵᠢᠨ ᠠᠵᠤ ᠠᠬᠤᠢ ᠵᠢᠨ ᠬᠥᠭᠵᠢᠯᠲᠡ᠎ᠳᠤ ᠦᠵᠡᠭᠦᠯᠬᠦ ᠰᠠᠭᠤᠷᠢ ᠴᠢᠨᠠᠷᠲᠠᠶ ᠦᠢᠯᠡᠳᠦᠯ᠎ᠢ ᠴᠢᠩᠭ᠋ᠠᠳᠬᠠᠵᠤ᠂ ᠨᠠᠩ ᠬᠥᠭᠵᠢᠶᠡᠨᠲᠡᠶ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠢ ᠢᠳᠡᠪᠬᠢᠲᠡᠢ ᠪᠠᠶ᠋ᠢᠭᠤᠯᠵᠤ᠂ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ᠎ᠳᠤ ᠲᠦᠰᠢᠭ ᠲᠤᠯᠭ᠋ᠠᠭᠤᠷᠢ ᠬᠠᠩᠭ᠋ᠠᠵᠤ᠂ ᠳᠡᠯᠡᠬᠡᠶ ᠵᠢᠨ ᠠᠵᠤ ᠠᠬᠤᠢ ᠵᠢᠨ ᠨᠡᠮᠡᠭᠳᠡᠯ᠎ᠤᠨ ᠣᠷᠣᠨ ᠵᠠᠶ ᠵᠢ ᠥᠷᠭᠡᠳᠬᠡᠬᠦ ᠪᠤᠯᠤᠨ᠎ᠠ᠃ ᠳᠤᠮᠳᠠᠳᠤ ᠤᠯᠤᠰ ᠭᠠᠳᠠᠭ᠋ᠠᠳᠤ ᠤᠷᠤᠭᠤᠯᠤᠯᠲᠠ ᠵᠢᠨ ᠦᠢᠯᠡᠳᠦᠯ᠎ᠢ ᠨᠠᠩ ᠴᠢᠬᠤᠯᠠᠴᠢᠯᠠᠵᠤ᠂ ᠪᠣᠭᠤᠮᠲᠠ ᠵᠢᠨ ᠭᠠᠶ᠋ᠢᠯᠢ ᠪᠠ ᠳᠦᠷᠢᠮ᠎ᠤᠨ ᠴᠢᠨᠠᠷᠲᠠᠶ ᠥᠪᠡᠷ᠎ᠤᠨ ᠥᠷᠲᠡᠭ᠎ᠢ ᠤᠯᠠᠮ ᠨᠢᠭᠡ ᠠᠯᠬᠤᠮ ᠪᠠᠭᠤᠷᠠᠭᠤᠯᠵᠤ᠂ ᠭᠠᠳᠠᠭ᠋ᠠᠳᠤ ᠤᠷᠤᠭᠤᠯᠤᠯᠲᠠ ᠵᠢᠨ ᠠᠷᠠᠯᠵᠢᠶ᠎ᠠ ᠵᠢ ᠠᠬᠢᠭᠤᠯᠬᠤ ᠨᠢᠭᠡ ᠪᠦᠯᠦᠭ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠎ᠢ ᠪᠤᠶ᠋ᠢᠵᠢᠭᠤᠯᠵᠤ᠂ ᠡᠯ᠎ᠡ ᠤᠯᠤᠰ᠎ᠤᠨ ᠴᠢᠨᠠᠷ ᠰᠠᠶ᠋ᠢᠲᠠᠶ ᠦᠢᠯᠡᠳᠬᠦᠨ ᠪᠠ ᠦᠢᠯᠡᠴᠢᠯᠡᠭᠡ ᠵᠢᠨ ᠭᠠᠳᠠᠭ᠋ᠠᠳᠤ ᠊ᠣᠷᠣᠭᠤᠯᠤᠯᠲᠠ ᠵᠢ ᠥᠷᠭᠡᠳᠬᠡᠬᠦ ᠪᠤᠯᠤᠨ᠎ᠠ᠃ ᠳᠤᠮᠳᠠᠳᠤ ᠤᠯᠤᠰ ᠭᠠᠳᠠᠭ᠋ᠠᠳᠤ ᠤᠷᠤᠭᠤᠯᠤᠯᠳᠠ ᠪᠠ ᠭᠠᠳᠠᠭ᠋ᠠᠳᠤ ᠭᠠᠷᠭ᠋ᠠᠯᠳᠠ᠂ ᠪᠠᠷᠠᠭ᠋ᠠᠨ᠎ᠤ ᠠᠷᠠᠯᠵᠢᠶ᠎ᠠ ᠪᠠ ᠦᠢᠯᠡᠴᠢᠯᠡᠭᠡᠨ᠎ᠤ ᠠᠷᠠᠯᠵᠢᠶ᠎ᠠ᠂ ᠬᠤᠶᠠᠷ ᠲᠠᠯ᠎ᠠ ᠵᠢᠨ ᠠᠷᠠᠯᠵᠢᠶ᠎ᠠ ᠪᠠ ᠬᠤᠤᠰ ᠴᠢᠭᠯᠡᠯᠲᠦ ᠪᠡᠯᠡ ᠣᠷᠣᠭᠤᠯᠤᠯᠲᠠ᠂ ᠠᠷᠠᠯᠵᠢᠶ᠎ᠠ ᠪᠠ ᠠᠵᠤ ᠦᠢ᠍ᠯᠡᠰ᠎ᠤᠨ ᠵᠣᠬᠢᠴᠠᠩᠭᠤᠶ ᠬᠥᠭᠵᠢᠯᠲᠡ ᠵᠢ ᠠᠬᠢᠭᠤᠯᠵᠤ᠂ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠴᠢᠬᠤᠯᠠ ᠡᠯᠧᠮᠧᠨ᠋ᠲ᠎ᠤᠨ ᠡᠮᠬᠢ ᠲᠢᠭᠯᠢᠮ᠎ᠲᠠᠢ ᠴᠢᠯᠥᠭᠡᠲᠡᠶ ᠰᠢᠯᠵᠢᠯᠳᠠ᠂ ᠡᠬᠢ ᠪᠠᠶᠠᠯᠢᠭ᠎ᠤᠨ ᠥᠨᠳᠥᠷ ᠪᠦᠲᠦᠮᠵᠢᠲᠡᠶ ᠲᠣᠬᠢᠷᠠᠭᠤᠯᠤᠯᠲᠠ᠂ ᠵᠠᠬ᠎ᠠ ᠳᠡᠯᠭᠡᠭᠦᠷ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠪᠤᠯᠤᠨ᠎ᠠ᠃
      ᠬᠤᠶᠠᠳᠤᠭ᠋ᠠᠷ᠎ᠲᠤ᠂ ᠨᠡᠭᠡᠭᠡᠯᠲᠡ ᠬᠢᠬᠦ ᠪᠠᠶ᠋ᠢᠷᠢᠰᠢᠯ ᠵᠶ᠋ᠠᠨ ᠦᠷᠭᠦᠯᠵᠢᠯᠡᠨ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ᠎ᠤᠨ ᠭᠠᠳᠠᠭ᠋ᠠᠳᠤ ᠨᠡᠭᠡᠭᠡᠯᠲᠡ ᠪᠣᠯ ᠪᠦᠬᠦ ᠲᠠᠯ᠎ᠠ ᠵᠢᠨ᠂ ᠪᠦᠬᠦ ᠬᠦᠷᠢᠶᠡᠨ᠎ᠤ᠎ᠬᠢ ᠶᠤᠮ᠂ ᠶᠠᠭ ᠪᠦᠬᠦ ᠲᠠᠯ᠎ᠠ᠎ᠪᠠᠷ ᠨᠡᠭᠡᠭᠡᠯᠲᠡ ᠬᠢᠬᠦ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ᠎ᠪᠠᠷ ᠱᠠᠯᠠᠪᠳᠠᠨ ᠠᠬᠢᠭᠤᠯᠵᠤ ᠪᠠᠶ᠋ᠢᠨ᠎ᠠ᠃ ᠳᠤᠮᠳᠠᠳᠤ ᠤᠯᠤᠰ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠵᠣᠷᠢᠭᠲᠠᠶ᠎ᠪᠠᠷ ᠲᠤᠷᠰᠢᠬᠤ᠂ ᠵᠣᠷᠢᠭᠲᠠᠶ ᠬᠢᠬᠦ ᠵᠢ ᠦᠷᠭᠦᠯᠵᠢᠯᠡᠨ ᠵᠣᠷᠢᠭᠵᠢᠭᠤᠯᠵᠤ᠂ ᠬᠠᠶ᠋ᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠨᠡᠭᠡᠭᠡᠯᠲᠡ ᠬᠢᠬᠦ ᠰᠢᠨ᠎ᠠ ᠦᠨᠳᠦᠷᠯᠢᠭ ᠭᠠᠵᠠᠷ᠎ᠢ ᠪᠠᠶ᠋ᠢᠭᠤᠯᠬᠤ ᠪᠤᠯᠤᠨ᠎ᠠ᠃ ᠳᠤᠮᠳᠠᠳᠤ ᠤᠯᠤᠰ ᠪᠡᠭᠡᠵᠢᠩ ᠲᠢᠶᠠᠨᠵᠢᠨ ᠾᠧᠪᠧᠶ ᠵᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠣᠷᠣᠨ ᠪᠦᠰᠡ ᠵᠢᠨ ᠨᠢᠭᠡ ᠴᠣᠭᠴᠠᠵᠢᠭᠰᠠᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠬᠤ ᠵᠢᠨ ᠬᠠᠮᠲᠤ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠤᠯᠤᠰ᠎ᠤᠨ ᠰᠢᠨ᠎ᠠ ᠪᠠᠶ᠋ᠢᠯᠳᠤᠬᠤ ᠪᠣᠳᠣᠯᠭ᠎ᠠ ᠵᠢ ᠲᠣᠭᠲᠠᠭ᠋ᠠᠵᠤ᠂ ᠨᠡᠭᠡᠭᠡᠯᠲᠡ ᠬᠢᠵᠦ ᠬᠤᠯᠪᠣᠭ᠋ᠠᠯᠠᠨ ᠬᠥᠳᠡᠯᠦᠯᠴᠡᠬᠦ ᠦᠢᠯᠡᠳᠦᠯ᠎ᠢ ᠴᠢᠩᠭ᠋ᠠᠳᠬᠠᠨ᠎ᠠ᠃
      ᠭᠤᠷᠪᠠᠳᠤᠭ᠋ᠠᠷ᠎ᠲᠤ᠂ ᠠᠷᠠᠯᠵᠢᠶ᠎ᠠ ᠡᠵᠡᠩᠨᠡᠬᠦ ᠣᠷᠴᠢᠨ᠎ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠷᠠᠯᠵᠢᠶ᠎ᠠ ᠡᠵᠡᠩᠨᠡᠬᠦ ᠣᠷᠴᠢᠨ ᠪᠣᠯ ᠠᠵᠤ ᠠᠬᠤᠶ᠋ᠢᠯᠠᠯ᠎ᠤᠨ ᠣᠷᠣᠰᠢᠨ ᠲᠣᠭᠲᠠᠨᠢᠵᠤ ᠬᠥᠭᠵᠢᠬᠦ ᠵᠢᠨ ᠬᠦᠷᠦᠰᠦ ᠰᠢᠷᠤᠢ ᠮᠥᠨ᠃ ᠡᠨᠡ ᠵᠢᠯ᠎ᠤᠨ 10 ᠰᠠᠷ᠎ᠠ ᠵᠢᠨ 24᠎ᠤ ᠡᠳᠦᠷ᠂ ᠳᠡᠯᠡᠬᠡᠶ ᠵᠢᠨ ᠪᠠᠩᠬᠢ 《2020 ᠤᠨ᠎ᠤ ᠠᠷᠠᠯᠵᠢᠶ᠎ᠠ ᠡᠵᠡᠩᠨᠡᠬᠦ ᠣᠷᠴᠢᠨ᠎ᠤ ᠮᠡᠳᠡᠭᠦᠯᠦᠯᠲᠡ》 ᠵᠢ ᠨᠡᠶ᠋ᠢᠲᠡᠯᠡᠪᠡ᠂ ᠳᠤᠮᠳᠠᠳᠤ ᠤᠯᠤᠰ᠎ᠤᠨ ᠠᠷᠠᠯᠵᠢᠶ᠎ᠠ ᠡᠵᠡᠩᠨᠡᠬᠦ ᠣᠷᠴᠢᠨ᠎ᠤ ᠨᠡᠷᠡᠰ᠎ᠤᠨ ᠵᠢᠭᠰᠠᠭ᠋ᠠᠯᠲᠠ 46 ᠪᠠᠶ᠋ᠢᠭᠰᠠᠨ᠎ᠠᠴᠠ᠎ᠪᠠᠨ 31 ᠪᠣᠯᠤᠨ ᠳᠠᠪᠰᠢᠵᠤ᠂ 15 ᠤᠷᠤ ᠳᠡᠭᠡᠭᠰᠢᠯᠡᠪᠡ᠃ ᠳᠡᠭᠡᠷ᠎ᠡ ᠰᠠᠷ᠎ᠠ᠎ᠳᠤ᠂ ᠳᠤᠮᠳᠠᠳᠤ ᠤᠯᠤᠰ 《ᠠᠷᠠᠯᠵᠢᠶ᠎ᠠ ᠡᠵᠡᠩᠨᠡᠬᠦ ᠣᠷᠴᠢᠨ᠎ᠢ ᠰᠢᠯᠢᠳᠡᠭᠵᠢᠭᠦᠯᠬᠦ ᠳᠦᠷᠢᠮ》᠎ᠢ ᠨᠡᠶ᠋ᠢᠲᠡᠯᠡᠪᠡ᠃ ᠬᠤᠵᠢᠮ᠂ ᠳᠤᠮᠳᠠᠳᠤ ᠤᠯᠤᠰ ᠦᠷᠭᠦᠯᠵᠢᠯᠡᠨ ᠠᠵᠤ ᠠᠬᠤᠢ ᠵᠢᠨ ᠬᠥᠭᠵᠢᠯᠲᠡ ᠵᠢ ᠬᠢᠵᠠᠭ᠋ᠠᠷᠯᠠᠵᠤ ᠪᠠᠢ᠌ᠢᠭ᠎ᠠ ᠲᠣᠪᠤᠶ᠋ᠢᠮ᠎ᠠ ᠵᠥᠷᠢᠴᠡᠯ᠎ᠳᠤ ᠴᠢᠭᠯᠡᠭᠦᠯᠦᠨ᠂ ᠵᠠᠩᠭᠢᠯᠠᠭ᠎ᠠ ᠵᠢᠨ ᠭᠤᠭᠴᠤᠭ᠎ᠠ ᠪᠣᠯᠤᠨ ᠴᠢᠬᠤᠯᠠ ᠬᠦᠷᠢᠶᠡᠨ᠎ᠤ ᠥᠭᠡᠷᠡᠴᠢᠯᠡᠯᠲᠡ ᠵᠢᠨ ᠠᠯᠬᠤᠮ ᠵᠶ᠋ᠠᠨ ᠲᠦᠷᠭᠡᠳᠬᠡᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ᠎ᠪᠠᠷ ᠥᠨᠳᠥᠷ ᠲᠦᠪᠰᠢᠨ᠎ᠲᠠᠢ ᠨᠡᠭᠡᠭᠡᠯᠲᠡ᠂ ᠴᠢᠨᠠᠷ ᠰᠠᠶ᠋ᠢᠲᠠᠶ ᠬᠥᠭᠵᠢᠯᠲᠡ᠎ᠳᠤ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃ ᠳᠤᠮᠳᠠᠳᠤ ᠤᠯᠤᠰ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠠᠷᠠᠯᠵᠢᠶ᠎ᠠ ᠡᠵᠡᠩᠨᠡᠬᠦ ᠣᠷᠴᠢᠨ ᠵᠶ᠋ᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠳᠠᠭ᠋ᠠᠳᠤ ᠪᠡᠯᠡ ᠵᠢᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠴᠢᠯᠦᠭᠡᠳᠠᠢ ᠪᠤᠯᠭ᠋ᠠᠵᠤ᠂ ᠨᠠᠵᠠᠭ᠋ᠠᠶ ᠲᠠᠯ᠎ᠠ ᠵᠢᠨ ᠨᠠᠷᠢᠨ ᠳᠠᠩᠰᠠ ᠵᠢ ᠦᠷᠭᠦᠯᠵᠢᠯᠡᠨ ᠪᠠᠭ᠋ᠠᠰᠬᠠᠵᠤ᠂ ᠪᠡᠯᠡ ᠣᠷᠣᠭᠤᠯᠤᠯᠲᠠ ᠵᠢ ᠠᠬᠢᠭᠤᠯᠬᠤ ᠪᠠ ᠬᠠᠮᠠᠭ᠋ᠠᠯᠠᠬᠤ᠂ ᠮᠡᠳᠡᠭᠡ ᠵᠠᠩᠭᠢ ᠵᠢ ᠮᠡᠳᠡᠭᠦᠯᠬᠦ ᠵᠡᠷᠭᠡ ᠳᠦᠷᠢᠮ ᠵᠶ᠋ᠠᠨ ᠲᠡᠭᠦᠯᠳᠡᠷᠵᠢᠭᠦᠯᠤᠨ᠎ᠠ᠃ ᠳᠤᠮᠳᠠᠳᠤ ᠤᠯᠤᠰ ᠮᠡᠳᠡᠯᠭᠡ ᠵᠢᠨ ᠦᠨ᠎ᠡ ᠥᠷᠲᠡᠭ᠎ᠢ ᠬᠦᠨᠳᠦᠳᠬᠡᠬᠦ ᠣᠷᠴᠢᠨ ᠲᠤᠭᠤᠷᠢᠨ᠎ᠢ ᠪᠤᠢ ᠪᠣᠯᠭ᠋ᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠂ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠦᠯᠲᠡ ᠵᠢ ᠡᠷᠴᠢᠮᠳᠠᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠷᠭᠡᠨ᠎ᠤ ᠬᠡᠷᠡᠭ ᠪᠠ ᠡᠷᠡᠭᠦᠤ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃
      ᠳᠥᠷᠪᠡᠳᠦᠭᠡᠷ᠎ᠲᠤ᠂ ᠤᠯᠠᠨ ᠲᠠᠯ᠎ᠡ ᠪᠡ ᠬᠤᠶᠠᠷ ᠲᠠᠯ᠎ᠡ ᠵᠢᠨ ᠬᠠᠮᠳᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ᠃ ᠳᠤᠮᠳᠠᠳᠤ ᠤᠯᠤᠰ ᠪᠣᠯ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠰᠠᠨᠠᠭ᠋ᠠᠴᠢᠯᠠᠭᠴᠢ ᠪᠠ ᠣᠯᠠᠨ ᠲᠠᠯᠠᠲᠤ ᠦᠵᠡᠯ᠎ᠤᠨ ᠲᠡᠮᠵᠢᠭᠴᠢ ᠪᠤᠯᠤᠨ᠎ᠡ᠃ ᠳᠤᠮᠳᠠᠳᠤ ᠤᠯᠤᠰ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠴᠢᠬᠤᠯᠠ ᠪᠦᠬᠦᠢ ᠥᠭᠡᠷᠡᠴᠢᠯᠡᠯᠲᠡ ᠬᠢᠵᠦ᠂ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠨᠡᠭᠡᠭᠡᠯᠲᠡ ᠵᠢ ᠥᠷᠭᠡᠳᠬᠡᠬᠦ᠂ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠨᠠᠩ ᠶᠡᠭᠡ ᠦᠢᠯᠡᠳᠦᠯ ᠵᠶ᠋ᠠᠨ ᠪᠠᠳᠠᠷᠠᠭᠤᠯᠤᠨ᠂ ᠤᠯᠠᠨ ᠲᠠᠯᠠᠳᠤ ᠠᠷᠠᠯᠵᠢᠶᠡᠨ᠎ᠤ ᠪᠠᠶ᠋ᠢᠭᠤᠯᠤᠮᠵᠢ ᠵᠢᠨ ᠡᠷᠭᠡ ᠰᠦᠷᠳᠤ ᠴᠢᠨᠠᠷ ᠪᠠ ᠪᠦᠲᠦᠮᠵᠢᠳᠤ ᠴᠢᠨᠠᠷ᠎ᠢ ᠨᠡᠮᠡᠭᠳᠡᠭᠦᠯᠬᠦ ᠵᠢ ᠳᠡᠮᠵᠢᠨ᠎ᠠ᠃ ᠡᠨᠡ ᠡᠳᠦᠷ᠎ᠤᠨ ᠦᠳᠡ ᠵᠢᠨ ᠬᠤᠶ᠋ᠢᠨ᠎ᠠ᠂ ᠳᠤᠮᠳᠠᠳᠤ ᠵᠢᠨ ᠲᠠᠯ᠎ᠠ᠎ᠠᠴᠠ ᠲᠡᠯᠡᠬᠡᠢ ᠵᠢᠨ ᠠᠷᠠᠯᠵᠢᠶᠡᠨ᠎ᠤ ᠵᠤᠬᠢᠶᠡᠨ ᠪᠠᠶ᠋ᠢᠭᠤᠯᠤᠯᠳᠡ ᠵᠢᠨ ᠪᠠᠭ᠎ᠠ ᠬᠡᠪᠴᠢᠶᠡᠨ᠎ᠤ ᠰᠠᠶ᠋ᠢᠳ ᠨᠠᠷ᠎ᠤᠨ ᠬᠤᠷᠠᠯ᠎ᠢ ᠡᠷᠬᠢᠯᠡᠨ ᠬᠤᠷᠠᠯᠳᠤᠭᠤᠯᠬᠤ ᠪᠣᠯᠤᠨ᠎ᠠ᠃ ᠡᠯ᠎ᠡ ᠲᠠᠯ᠎ᠠ ᠵᠢᠨ᠎ᠬᠢᠨ ᠰᠠᠨᠠᠯ ᠵᠶ᠋ᠠᠨ ᠦᠨᠡᠨᠴᠢ᠎ᠪᠠᠷ ᠰᠣᠯᠢᠯᠴᠠᠵᠤ᠂ ᠬᠠᠮᠲᠤ᠎ᠪᠠᠷ ᠠᠵᠢᠯᠯᠠᠭ᠎ᠠ ᠠᠪᠴᠤ᠂ ᠪᠦᠬᠦ ᠪᠥᠮᠪᠥᠷᠴᠡᠭ᠎ᠤᠨ ᠠᠵᠤ ᠠᠬᠤᠢ ᠵᠢᠨ ᠵᠠᠰᠠᠯᠲᠠ ᠵᠢ ᠲᠡᠭᠦᠯᠳᠡᠷᠵᠢᠭᠦᠯᠬᠦ᠎ᠳᠤ ᠢᠳᠡᠪᠬᠢ ᠬᠦᠴᠦᠨ ᠨᠡᠮᠡᠷᠢᠯᠡᠬᠦ ᠵᠢ ᠪᠢᠳᠡ ᠬᠦᠰᠡᠵᠦ ᠪᠠᠶ᠋ᠢᠨ᠎ᠠ᠃ ᠦᠴᠦᠭᠡᠳᠦᠷ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ᠎ᠤᠨ 15 ᠪᠦᠷᠢᠯᠳᠦᠬᠦᠨ ᠤᠯᠤᠰ ᠨᠢᠭᠡᠨᠲᠡ ᠬᠡᠯᠡᠯᠴᠡᠭᠡ᠎ᠪᠠᠨ ᠪᠦᠬᠦ ᠲᠠᠯ᠎ᠠ᠎ᠪᠠᠷ ᠲᠠᠭᠤᠰᠬᠠᠭᠰᠠᠨ᠎ᠢ ᠪᠢ ᠮᠠᠰᠢ ᠪᠠᠶᠠᠷ᠎ᠲᠠᠢ᠎ᠪᠠᠷ ᠤᠯᠵᠤ ᠮᠡᠳᠡᠵᠡᠢ᠂ ᠬᠡᠯᠡᠯᠴᠡᠭᠡᠷ ᠡᠷᠲᠡᠬᠡᠨ ᠳᠤᠬᠢᠷᠠᠯᠴᠠᠵᠤ ᠬᠦᠴᠦᠨ᠎ᠲᠠᠢ ᠪᠣᠯᠬᠤ ᠵᠢ ᠬᠦᠰᠡᠵᠦ ᠪᠠᠶ᠋ᠢᠨ᠎ᠡ᠃ ᠳᠤᠮᠳᠠᠳᠤ ᠤᠯᠤᠰ ᠳᠤᠷᠠᠲᠠᠶ᠎ᠠ ᠨᠠᠩ ᠣᠯᠠᠨ ᠤᠯᠤᠰ᠎ᠲᠠᠢ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠲᠣᠬᠢᠷᠠᠯᠴᠠᠵᠤ᠂ ᠳᠤᠮᠳᠠᠳᠤ ᠧᠦ᠋ᠷᠣᠫᠠ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ᠂ ᠳᠤᠮᠳᠠᠳᠤ ᠶᠠᠫᠣᠨ ᠺᠣᠷᠢᠶᠠ ᠵᠢᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠂ ᠳᠤᠮᠳᠠᠳᠤ ᠤᠯᠤᠰ — ᠳᠠᠯᠠᠢ ᠵᠢᠨ ᠪᠤᠯᠤᠩ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠤᠨ ᠬᠡᠯᠡᠯᠴᠡᠭᠡ ᠬᠢᠭᠦ ᠠᠬᠢᠴᠠ ᠵᠢ ᠲᠦᠷᠭᠡᠳᠬᠡᠨ᠎ᠡ᠃ ᠳᠤᠮᠳᠠᠳᠤ ᠤᠯᠤᠰ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠂ ᠬᠤᠷᠢᠨ ᠤᠯᠤᠰ᠎ᠤᠨ ᠪᠦᠯᠦᠭᠯᠡᠯ᠂ ᠠᠽᠢᠶ᠎ᠠ ᠲᠢᠪ ᠨᠣᠮᠣᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠂ ᠠᠯᠲᠠᠨ ᠲᠣᠭᠤᠰᠬ᠎ᠠ ᠤᠯᠤᠰ᠎ᠤᠳ ᠵᠡᠷᠭᠡ ᠲᠣᠭᠲᠠᠴᠠ ᠵᠢᠨ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠵᠤ ᠠᠵᠤ ᠠᠬᠤᠢ ᠵᠢᠨ ᠳᠡᠯᠡᠬᠡᠶ᠋ᠢᠵᠢᠯᠲᠡ ᠵᠢᠨ ᠤᠷᠤᠭᠰᠢ ᠬᠥᠭᠵᠢᠬᠦ ᠵᠢ ᠬᠠᠮᠲᠤ᠎ᠪᠠᠷ ᠠᠬᠢᠭᠤᠯᠬᠤ ᠪᠤᠯᠤᠨ᠎ᠠ᠃
      ᠲᠠᠪᠤᠳᠤᠭ᠋ᠠᠷ᠎ᠲᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠦᠷᠭᠦᠯᠵᠢᠯᠡᠨ ᠠᠬᠢᠭᠤᠯᠤᠨ᠎ᠡ᠃ ᠣᠳᠣᠬᠠᠨ᠎ᠳᠤ᠂ ᠳᠤᠮᠳᠠᠳᠤ ᠤᠯᠤᠰ ᠨᠢᠭᠡᠨᠲᠡ 137 ᠤᠯᠤᠰ ᠪᠣᠯᠤᠨ 30 ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠳᠠ᠎ᠲᠠᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠠᠮᠲᠤᠷᠠᠯᠴᠠᠭ᠋ᠠᠨ᠎ᠤ 197 ᠬᠤᠪᠢ ᠪᠢᠴᠢᠭ ᠮᠠᠲ᠋ᠧᠷᠢᠶᠠᠯ ᠳᠤᠬᠢᠷᠠᠯᠴᠠᠪᠠ᠃ ᠳᠤᠮᠳᠠᠳᠤ ᠤᠯᠤᠰ ᠬᠠᠮᠲᠤ᠎ᠪᠠᠷ ᠵᠥᠪᠳᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠵᠠᠷᠴᠢᠮ᠎ᠢ ᠪᠠᠷᠢᠮᠲᠠᠯᠠᠵᠤ᠂ ᠨᠡᠭᠡᠭᠡᠯᠲᠡᠳᠤ᠂ ᠪᠣᠬᠢᠷᠲᠤᠯ ᠦᠭᠡᠢ᠂ ᠠᠷᠢᠭᠤᠨ ᠴᠢᠬᠡᠴᠢ ᠪᠠᠢ᠌ᠢᠬᠤ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠥᠨᠳᠥᠷ ᠪᠠᠷᠢᠮᠵᠢᠶᠠᠳᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠦᠷᠭᠦᠯᠵᠢᠯᠡᠬᠦ ᠬᠠᠷᠠᠯᠲᠠ ᠵᠢ ᠴᠢᠷᠮᠠᠶ᠋ᠢᠨ ᠪᠡᠶᠡᠯᠡᠭᠦᠯᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠤᠯᠤᠨ᠎ᠠ᠃
      ᠠᠪᠠᠭ᠍ᠠᠶ ᠨᠠᠷ᠂ ᠠᠪᠤᠭ᠋ᠠᠶ ᠨᠠᠷ᠂ ᠨᠠᠶ᠋ᠢᠵᠠ ᠨᠠᠷ ᠡ!
      ᠢᠷᠡᠭᠡᠳᠦᠢ᠎ᠳᠤ ᠬᠠᠨᠳᠤᠵᠤ᠂ ᠳᠤᠮᠳᠠᠳᠤ ᠤᠯᠤᠰ ᠰᠢᠨ᠎ᠡ ᠬᠥᠭᠵᠢᠯᠲᠡ ᠵᠢᠨ ᠣᠢ᠌ᠢ᠍ᠯᠠᠭ᠋ᠠᠭᠳᠠᠬᠤᠨ᠎ᠢ ᠪᠠᠷᠢᠮᠲᠠᠯᠠᠵᠤ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠤᠯᠭ᠋ᠠᠬᠤ ᠬᠦᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠰᠢᠨ᠎ᠡ ᠬᠥᠳᠡᠯᠭᠡᠬᠦ ᠡᠨᠧᠷᠭᠢ ᠵᠢ ᠡᠷᠴᠢᠮᠳᠠᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠠᠷᠭ᠎ᠠ ᠬᠡᠯᠪᠡᠷᠢ᠎ᠪᠠᠨ ᠬᠤᠪᠢᠷᠠᠭᠤᠯᠬᠤ᠂ ᠪᠦᠲᠦᠴᠡ᠎ᠪᠠᠨ ᠲᠣᠬᠢᠷᠠᠭᠤᠯᠬᠤ᠂ ᠬᠥᠳᠡᠯᠭᠡᠬᠦ ᠬᠦᠴᠦᠨ ᠵᠶ᠋ᠠᠨ ᠨᠡᠮᠡᠭᠳᠡᠭᠦᠯᠬᠦ ᠵᠢ ᠲᠠᠰᠤᠷᠠᠯᠲᠠ ᠦᠭᠡᠢ ᠠᠬᠢᠭᠤᠯᠵᠤ᠂ ᠠᠵᠤ ᠠᠬᠤᠢ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠳᠡᠯᠡᠬᠡᠶ ᠵᠢᠨ ᠠᠵᠤ ᠠᠬᠤᠢ ᠵᠢᠨ ᠨᠡᠮᠡᠭᠳᠡᠯ᠎ᠳᠤ ᠨᠠᠩ ᠣᠯᠠᠨ ᠰᠢᠨ᠎ᠡ ᠠᠵᠠ ᠲᠣᠬᠢᠶᠠᠯ ᠠᠪᠴᠢᠷᠠᠨ᠎ᠡ᠃
      ᠳᠤᠮᠳᠠᠳᠤ ᠤᠯᠤᠰ᠎ᠤᠨ ᠠᠵᠤ ᠠᠬᠤᠶ ᠵᠢᠨ ᠬᠦᠭᠵᠢᠯᠳᠡ ᠵᠢᠨ ᠢᠷᠡᠭᠡᠳᠦᠢ ᠯᠠᠪᠲᠠᠶ ᠨᠠᠩ ᠭᠡᠭᠡᠨ ᠰᠠᠷᠠᠭᠤᠯ ᠪᠣᠯᠬᠤ ᠪᠥᠭᠡᠳ ᠵᠠᠶ᠋ᠢᠯᠠᠰᠢ ᠦᠭᠡᠢ ᠨᠠᠩ ᠭᠡᠭᠡᠨ ᠰᠠᠷᠠᠭᠤᠯ ᠪᠣᠯᠬᠤ ᠵᠢ ᠪᠢ ᠢᠲᠡᠭᠡᠵᠦ ᠪᠠᠶ᠋ᠢᠨ᠎ᠠ᠃ ᠲᠡᠦᠬᠡ ᠵᠢᠨ ᠤᠷᠳᠤ ᠤᠳᠠᠭ᠋ᠠᠨ ᠤᠯᠠ ᠮᠦᠷ᠎ᠠᠴᠠ ᠦᠵᠡᠪᠡᠯ᠂ ᠳᠤᠮᠳᠠᠳᠤ ᠤᠯᠤᠰ᠎ᠤᠨ ᠬᠥᠭᠵᠢᠯᠲᠡ ᠪᠣᠯ ᠪᠦᠬᠦ ᠬᠦᠮᠦᠨ ᠲᠦᠷᠦᠯᠬᠢᠳᠡᠨ᠎ᠤ ᠳᠠᠪᠰᠢᠯᠲᠠ᠎ᠳᠤ ᠬᠠᠷᠢᠶᠠᠯᠠᠭᠳᠠᠬᠤ ᠠᠭᠤᠤ ᠶᠡᠭᠡ ᠦᠢᠯᠡᠰ ᠪᠤᠯᠤᠨ᠎ᠠ᠃ ᠳᠤᠮᠳᠠᠳᠤ ᠤᠯᠤᠰ ᠡᠯ᠎ᠡ ᠤᠯᠤᠰ᠎ᠲᠤ ᠨᠠᠩ ᠣᠯᠠᠨ ᠵᠠᠬ᠎ᠠ ᠳᠡᠯᠭᠡᠭᠦᠷ᠎ᠤᠨ ᠠᠵᠠ ᠲᠣᠬᠢᠶᠠᠯ᠂ ᠪᠡᠯᠡ ᠣᠷᠣᠭᠤᠯᠤᠯᠲᠠ ᠵᠢᠨ ᠠᠵᠠ ᠲᠣᠬᠢᠶᠠᠯ᠂ ᠨᠡᠮᠡᠭᠳᠠᠯ᠎ᠤᠨ ᠠᠵᠠ ᠲᠣᠬᠢᠶᠠᠯ ᠬᠠᠩᠭ᠋ᠠᠵᠤ᠂ ᠬᠠᠮᠳᠤ᠎ᠪᠠᠷ ᠭᠦᠭᠵᠢᠭᠦ ᠵᠢ ᠪᠡᠶᠡᠯᠡᠭᠦᠯᠬᠦ ᠪᠤᠯᠤᠨ᠎ᠠ᠃
      ᠠᠪᠠᠭ᠍ᠠᠶ ᠨᠠᠷ᠂ ᠠᠪᠤᠭ᠋ᠠᠶ ᠨᠠᠷ᠂ ᠨᠠᠶ᠋ᠢᠵᠠ ᠨᠠᠷ ᠡ!
      ᠲᠤᠮᠳᠠᠳᠤ ᠵᠢᠨ ᠪᠤᠯᠪᠠᠰᠤᠨ ᠳᠡᠯᠡᠬᠡᠢ ᠳ᠋ᠠᠬᠢᠨ ᠵᠶ᠋ᠠᠷ ᠵᠶ᠋ᠠᠨ ᠡᠪ ᠨᠠᠶ᠋ᠢᠷᠲᠠᠶ ᠪᠠᠶ᠋ᠢᠬᠤ ᠵᠢ ᠵᠣᠷᠢᠭᠰᠠᠭ᠋ᠠᠷ ᠢᠷᠡᠭᠰᠡᠨ ᠶᠤᠮ᠃ ᠣᠯᠠᠨ ᠵᠶ᠋ᠠᠷ ᠵᠶ᠋ᠠᠨ ᠬᠠᠮᠲᠤ᠎ᠪᠠᠷ ᠴᠢᠷᠮᠠᠶ᠋ᠢᠵᠤ᠂ ᠨᠡᠭᠡᠭᠡᠯᠲᠡᠲᠦ ᠮᠠᠶᠢᠭ᠎ᠤᠨ ᠳᠡᠯᠡᠬᠡᠶ ᠵᠢᠨ ᠠᠵᠤ ᠠᠬᠤᠶ ᠵᠢᠨ ᠪᠦᠲᠦᠭᠡᠨ ᠪᠠᠶ᠋ᠢᠭᠤᠯᠤᠯᠳᠠ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠳᠠ ᠵᠢ ᠠᠬᠢᠭᠤᠯᠬᠤ᠎ᠳᠤ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ!
      ᠤᠯᠠᠨ᠎ᠳᠤ ᠲᠠᠯᠠᠷᠬᠠᠯ᠎ᠡ᠃
     (ᠰᠢᠨᠬᠤᠸᠠ ᠬᠤᠷᠢᠶᠠᠨ᠎ᠤ ᠱᠠᠩᠬᠠᠢ ᠵᠢᠨ 11 ᠰᠠᠷ᠎ᠡ ᠵᠢᠨ 5᠎ᠤ ᠴᠠᠬᠢᠯᠭ᠋ᠠᠨ ᠮᠡᠳᠡᠭᠡ)

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠡᠴᠢᠨ᠎ᠡ ᠭᠠᠶ᠋ᠢᠬᠠᠯᠲᠠᠢ ᠡᠯᠡᠰᠦ ᠮᠠᠩᠬ᠎ᠠ
ᠾᠦᠨᠾᠧ ᠭᠤᠣᠯ᠎ᠤᠨ ᠨᠣᠭᠤ ᠭᠠᠵᠠᠷ᠎ᠤᠨ ᠦᠵᠡᠮᠵᠢ ᠵᠢᠷᠤᠭ ᠰᠢᠭ ᠭᠤᠶᠣᠬᠠᠨ
ᠶᠡᠬᠡ ᠬᠢᠩᠭ᠋ᠠᠨ ᠳᠠᠪᠠᠭ᠎ᠠ ᠵᠢᠨ ᠠᠯᠲᠠᠨ ᠨᠠᠮᠤᠷ᠎ᠤᠨ ᠦᠵᠡᠮᠵᠢ
ᠰᠢ ᠵᠢᠨ ᠫᠢᠩ ᠨᠤᠭᠤ ᠭᠠᠵᠠᠷ᠎ᠤᠨ ᠬᠠᠮᠠᠭ᠋ᠠᠯᠠᠯᠲᠠ ᠵᠢ ᠴᠢᠬᠤᠯᠠᠴᠢᠯᠠᠪᠠ
ᠪᠦᠬᠦ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠬᠠᠷᠠᠭ᠋ᠠᠨ ᠳᠠᠪᠲᠠᠮᠵᠢ ᠵᠢᠨ ᠬᠤᠷᠠᠯ ᠬᠤᠷᠠᠯᠳᠤᠪᠠ
 
             蒙ICP备05000248号