11 ᠰᠠᠷ᠎ᠠ ᠵᠢᠨ 5᠎ᠤ ᠡᠳᠦᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠵᠤᠷᠭ᠋ᠠᠨ 2021 ᠣᠨ᠎ᠤ ᠨᠠᠮᠤᠷ ᠡᠪᠦᠯ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠠᠵᠢᠯ᠎ᠤᠨ ᠲᠣᠬᠢᠷᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠬᠠᠤᠯᠢ ᠬᠡᠷᠡᠭᠵᠢᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠯ᠎ᠡ ᠱᠠᠲᠤᠨ᠎ᠤ ᠣᠶ ᠰᠢᠭᠤᠢ ᠵᠢᠨ ᠳᠠᠷᠤᠭ᠎ᠠ ᠪᠠ ᠠᠮᠢ ᠠᠬᠤᠶ ᠵᠢᠨ ᠬᠠᠮᠢᠶᠠᠷᠤᠨ ᠬᠠᠮᠠᠭ᠋ᠠᠯᠠᠭᠴᠢ ᠦᠢ᠍ᠯᠡᠳᠦᠯ ᠵᠶ᠋ᠡᠨ ᠪᠠᠳᠠᠷᠠᠭᠤᠯᠤᠨ᠂ ᠨᠡᠶ᠋ᠢᠭᠡᠮ᠎ᠤᠨ ᠡᠯ᠎ᠡ ᠡᠲᠡᠭᠡᠳ᠎ᠤᠨ ᠬᠦᠴᠦᠨ᠎ᠢ ᠳᠠᠶ᠋ᠢᠴᠢᠯᠠᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ᠎ᠳᠤ ᠣᠷᠣᠯᠴᠠᠭᠤᠯᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠴᠢᠩᠭ᠎ᠠ ᠰᠢᠮᠳᠠᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ ᠬᠡᠷᠡᠭᠲᠡᠶ ᠭᠡᠵᠦ ᠱᠠᠭ᠋ᠠᠷᠳᠠᠪᠠ᠃
ᠬᠤᠷᠠᠯ᠎ᠠᠴᠠ᠂ ᠡᠯ᠎ᠡ ᠱᠠᠲᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ᠎ᠳᠤ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠤᠯᠢ ᠪᠤᠰᠤ᠎ᠪᠠᠷ ᠠᠷᠠᠯᠵᠢᠶᠠᠯᠠᠬᠤ᠎ᠳᠤ ᠴᠣᠬᠢᠯᠲᠠ ᠥᠭᠬᠦ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠤᠯᠢ ᠪᠤᠰᠤ᠎ᠪᠠᠷ ᠠᠷᠠᠯᠵᠢᠶᠠᠯᠠᠬᠤ ᠠᠵᠢᠯᠯᠠᠭ᠎ᠠ᠎ᠳᠤ ᠪᠦᠬᠦ ᠲᠠᠯ᠎ᠠ᠎ᠪᠠᠷ ᠴᠣᠬᠢᠯᠲᠠ ᠥᠭᠬᠦ ᠵᠢ ᠰᠠᠨᠠᠭ᠋ᠠᠴᠢᠯᠠᠬᠤ ᠵᠢᠨ ᠬᠠᠮᠳᠤ ᠬᠤᠰᠢᠭᠤᠴᠢᠯᠠᠨ ᠬᠦᠳᠡᠯᠦᠯᠴᠡᠵᠦ᠂ ᠡᠯ᠎ᠡ ᠱᠠᠲᠤᠨ᠎ᠤ ᠣᠶ ᠰᠢᠭᠤᠶ ᠵᠢᠨ ᠳᠠᠷᠤᠭ᠎ᠠ ᠢᠯᠠᠩᠭᠤᠶ᠎ᠠ ᠰᠢᠶᠠᠩ᠎ᠤᠨ ᠱᠠᠲᠤᠨ᠎ᠤ ᠣᠶ ᠰᠢᠭᠤᠶ ᠵᠢᠨ ᠳᠠᠷᠤᠭ᠎ᠠ ᠵᠢᠨ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ ᠵᠢᠴᠢ ᠲᠡᠭᠦᠨ᠎ᠤ ᠣᠷᠣᠰᠢᠨ ᠠᠮᠢᠳᠤᠷᠠᠬᠤ ᠭᠠᠵᠠᠷ᠎ᠢ ᠬᠠᠮᠠᠭ᠋ᠠᠯᠠᠬᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠮᠢ ᠠᠬᠤᠶ ᠵᠢᠨ ᠬᠠᠮᠢᠶᠠᠷᠤᠨ ᠬᠠᠮᠠᠭ᠋ᠠᠯᠠᠭᠴᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠨ᠂ ᠠᠮᠢ ᠠᠬᠤᠶ ᠵᠢᠨ ᠬᠠᠮᠢᠶᠠᠷᠤᠨ ᠬᠠᠮᠠᠭ᠋ᠠᠯᠠᠭᠴᠢ ᠵᠢᠨ ᠠᠵᠢᠯ᠎ᠳᠤ ᠬᠢᠨᠠᠯᠲᠠ ᠵᠢᠯᠤᠭᠤᠳᠤᠯᠭ᠎ᠠ ᠬᠢᠬᠦ ᠬᠡᠷᠡᠭᠲᠡᠶ᠃ ᠨᠡᠶ᠋ᠢᠭᠡᠮ᠎ᠤᠨ ᠬᠦᠴᠦᠨ᠂ ᠢᠯᠠᠩᠭᠤᠶ᠎ᠠ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠵᠣᠬᠢᠶᠠᠨ ᠪᠠᠶ᠋ᠢᠭᠤᠯᠤᠯᠲᠠ ᠪᠣᠯᠤᠨ ᠰᠠᠶ᠋ᠢᠨ ᠳᠤᠷ᠎ᠠ ᠵᠢᠨ ᠠᠵᠢᠯᠯᠠᠭᠰᠠᠳ ᠵᠢᠴᠢ ᠰᠢᠪᠠᠭᠤᠳ ᠰᠣᠨᠢᠷᠬᠠᠬᠤ ᠵᠣᠬᠢᠶᠠᠨ ᠪᠠᠶ᠋ᠢᠭᠤᠯᠤᠯᠲᠠ ᠪᠣᠯᠤᠨ ᠪᠠᠬᠠᠲᠠᠳᠢ ᠳᠠᠶ᠋ᠢᠴᠢᠯᠠᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠣᠷᠣᠰᠢᠨ ᠠᠮᠢᠳᠤᠷᠠᠬᠤ ᠭᠠᠵᠠᠷ ᠪᠣᠯᠤᠨ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠤᠯ᠂ ᠬᠥᠮᠦᠨ᠎ᠤ ᠬᠦᠴᠦᠨ᠎ᠤ ᠪᠤᠢ᠌ᠵᠢᠭᠤᠯᠤᠭᠠ᠂ ᠳᠡᠯᠭᠡᠨ ᠦᠵᠡᠬᠦᠯᠦᠯᠭᠡ᠂ ᠠᠷᠠᠯᠵᠢᠶ᠎ᠠ᠂ ᠵᠦᠭᠡᠪᠦᠷᠢᠯᠡᠯᠳᠡ ᠵᠡᠷᠭᠡ ᠲᠠᠯᠠᠪᠤᠷ ᠤᠷᠤᠨ᠎ᠳᠤ ᠬᠢᠨᠠᠯᠲᠠ ᠲᠠᠯᠪᠢᠬᠤ ᠵᠢᠨ ᠬᠠᠮᠲᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠬᠦ ᠬᠡᠷᠡᠭᠳᠡᠢ ᠭᠡᠵᠡᠢ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠯ᠎ᠡ ᠲᠣᠮᠢᠯᠠᠭᠰᠠᠨ ᠪᠠᠶ᠋ᠢᠭᠤᠯᠤᠮᠵᠢ᠎ᠨᠢ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠪᠠᠨ ᠰᠠᠶ᠋ᠢᠲᠤᠷ ᠬᠦᠢ᠍ᠴᠡᠳᠬᠡᠵᠦ᠂ ᠬᠠᠷᠢᠶ᠎ᠠ ᠣᠷᠣᠨ᠎ᠤ ᠳᠣᠲᠣᠷᠠᠬᠢ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠪᠠ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ᠎ᠢ ᠰᠢᠮᠳᠠᠭᠤᠯᠤᠨ ᠵᠢᠯᠣᠭᠣᠳᠬᠤ ᠬᠡᠷᠡᠭᠲᠡᠶ᠃ ᠮᠤᠵᠢ ᠵᠢᠨ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠲᠣᠰ ᠮᠤᠵᠢ ᠵᠢᠨ ᠣᠶ ᠰᠢᠭᠤᠶ ᠨᠤᠲᠤᠭ ᠪᠡᠯᠴᠢᠭᠡᠷ᠎ᠤᠨ ᠰᠢᠰᠲ᠋ᠧᠮ ᠵᠢᠴᠢ ᠲᠠᠷᠢᠶᠠᠯᠠᠩ ᠬᠥᠳᠡᠭᠡ ᠲᠣᠰᠬᠣᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠢᠰᠲ᠋ᠧᠮ᠎ᠤᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠡᠷᠡᠭ᠎ᠢ ᠰᠢᠢ᠍ᠳᠪᠦᠷᠢᠯᠡᠭᠰᠡᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠪᠥᠬᠥ ᠤᠯᠤᠰ᠎ᠤᠨ ᠰᠢᠪᠠᠭᠤᠨ᠎ᠤ ᠲᠥᠷᠥᠯ᠎ᠤᠨ ᠣᠶ᠋ᠢᠯᠠᠯᠭ᠎ᠠ ᠵᠢᠨ ᠲᠥᠪ ᠨᠡᠭᠦᠳᠡᠯ᠎ᠤᠨ ᠰᠢᠪᠠᠭᠤᠳ᠎ᠤᠨ ᠨᠡᠭᠦᠳᠡᠯᠯᠡᠬᠦ ᠪᠠᠶ᠋ᠢᠳᠠᠯ᠎ᠢ ᠲᠠᠨᠢᠯᠴᠠᠭᠤᠯᠵᠤ᠂ ᠵᠢᠶᠠᠩᠰᠦ᠂ ᠵᠢᠶᠠᠩᠰᠢ᠂ ᠬᠤᠨᠠᠨ᠂ ᠹᠦᠵᠢᠶᠠᠨ᠂ ᠭᠤᠸᠠᠩᠳᠦ᠋ᠩ᠂ ᠭᠤᠸᠠᠩᠰᠢ᠂ ᠭᠦᠢ᠍ᠵᠸᠦ᠂ ᠶᠦᠨᠨᠠᠨ ᠵᠡᠷᠭᠡ ᠮᠤᠵᠢ (ᠣᠷᠣᠨ) ᠵᠢᠨ ᠣᠶ ᠰᠢᠭᠤᠶ ᠨᠤᠳᠤᠭ ᠪᠡᠯᠴᠢᠭᠡᠷ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠬᠠᠮᠢᠶ᠎ᠠ ᠪᠥᠬᠥᠶ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠬᠠᠷᠢᠭᠤ ᠮᠡᠳᠡᠭᠦᠯᠪᠡ᠃ (ᠯᠢᠦ ᠴᠢᠶᠠᠨ ᠸᠧᠢ)᠃