2 ᠰᠠᠷ᠎ᠠ ᠵᠢᠨ 2᠎ᠤᠨ ᠡᠳᠦᠷ ᠪᠣᠯ ᠬᠣᠷᠢᠨ ᠲᠠᠪᠤᠳᠠᠬᠢ 《ᠳᠡᠯᠡᠬᠡᠶ ᠵᠢᠨ ᠨᠤᠭᠤ ᠭᠠᠵᠠᠷ᠎ᠤᠨ ᠡᠳᠦᠷ》 ᠪᠣᠯᠤᠨ᠎ᠠ᠃
《ᠳᠡᠯᠡᠬᠡᠶ ᠵᠢᠨ ᠪᠥᠮᠪᠥᠷᠴᠡᠭ᠎ᠤᠨ ᠪᠥᠭᠡᠷ᠎ᠡ》 ᠪᠣᠯᠤᠭᠰᠠᠨ᠎ᠤ ᠬᠤᠪᠢ᠎ᠳᠤ᠂ ᠨᠤᠭᠤ ᠭᠠᠵᠠᠷ᠎ᠨᠢ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠤᠰᠤᠨ᠎ᠤ ᠴᠢᠨᠠᠷ᠎ᠢ ᠴᠡᠪᠡᠷᠰᠢᠭᠦᠯᠬᠦ᠂ ᠠᠭᠤᠷ ᠠᠮᠢᠰᠬᠤᠯ᠎ᠢ ᠲᠣᠬᠢᠷᠠᠭᠤᠯᠬᠤ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠵᠦ᠂ ᠴᠢᠬᠤᠯᠠ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ ᠪᠣᠯᠬᠤ ᠪᠥᠭᠡᠳ ᠪᠠᠰᠠ ᠪᠠᠶ᠋ᠢᠭ᠋ᠠᠯᠢ ᠵᠢᠨ ᠠᠮᠢ ᠠᠬᠤᠶ ᠵᠢᠨ ᠣᠷᠣᠨ ᠵᠠᠶ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃
ᠨᠤᠭᠤ ᠭᠠᠵᠠᠷ᠎ᠢ ᠬᠠᠮᠠᠭ᠋ᠠᠯᠠᠬᠤ ᠪᠣᠯ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠬᠤᠯᠠ ᠠᠭᠤᠯᠭ᠎ᠠ ᠪᠠᠶ᠋ᠢᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ ᠪᠠ ᠠᠵᠤ ᠠᠬᠤᠢ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ᠎ᠲᠠᠢ ᠬᠣᠯᠪᠣᠭᠳᠠᠵᠤ᠂ ᠳᠤᠮᠳᠠᠳᠤ ᠵᠢᠨ ᠦᠨᠳᠦᠰᠦᠲᠡᠨ᠎ᠤ ᠦᠷ᠎ᠡ ᠬᠣᠶ᠋ᠢᠴᠢᠰ᠎ᠤᠨ ᠣᠷᠣᠰᠢᠨ ᠲᠤᠭᠳᠠᠨᠢᠯ᠎ᠲᠠᠢ ᠬᠣᠯᠪᠣᠭᠳᠠᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠶᠡᠷᠦᠩᠬᠡᠶ ᠱᠦᠵᠢ ᠰᠢ ᠵᠢᠨ ᠫᠢᠩ ᠪᠦᠬᠦ ᠤᠯᠤᠰ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠨᠤᠭᠤ ᠭᠠᠵᠠᠷ᠎ᠤᠨ ᠴᠢᠬᠤᠯᠠ ᠴᠢᠨᠠᠷ᠎ᠢ ᠣᠯᠠᠨ ᠤᠳᠠᠭ᠎ᠠ ᠴᠢᠬᠤᠯᠠᠴᠢᠯᠠᠭᠰᠠᠭ᠋ᠠᠷ ᠢᠷᠡᠵᠡᠶ᠃
![]()
![]()
