2 ᠰᠠᠷ᠎ᠠ ᠵᠢᠨ 7᠎ᠤ ᠡᠳᠦᠷ᠂ ᠪᠥᠬᠥ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠬᠠᠷᠠᠭ᠋ᠠᠨ ᠳᠠᠪᠲᠠᠮᠵᠢ ᠵᠢᠨ ᠬᠤᠷᠠᠯ ᠬᠦᠬᠡᠬᠤᠳᠠ᠎ᠳᠤ ᠬᠤᠷᠠᠯᠳᠤᠪᠠ᠂ ᠬᠤᠷᠠᠯ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠂ ᠪᠥᠬᠥ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠂ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠤᠱᠯᠠᠭᠤᠯᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》 ᠵᠢᠨ ᠲᠥᠯᠥᠪᠵᠢᠭᠦᠯᠭᠡ ᠪᠠ 2020 ᠣᠨ᠎ᠤ ᠠᠵᠢᠯ᠎ᠢ ᠳ᠋ᠦᠩᠨᠡᠨ ᠡᠷᠭᠢᠴᠡᠭᠦᠯᠵᠦ᠂ ᠰᠢᠨ᠎ᠡ ᠬᠥᠭᠵᠢᠯᠲᠡ ᠵᠢᠨ ᠱᠠᠲᠤ ᠦᠶ᠎ᠡ᠎ᠳᠠᠬᠢ ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠪᠠ ᠡᠭᠦᠷᠭᠡ ᠵᠢ ᠰᠤᠳᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠭᠡ ᠵᠢᠴᠢ 2021 ᠣᠨ᠎ᠤ ᠠᠵᠢᠯ᠎ᠤᠨ ᠭᠣᠣᠯᠳᠠᠯᠭ᠎ᠠ ᠵᠢ ᠲᠤᠬᠢᠷᠠᠭᠤᠯᠤᠨ ᠪᠠᠶ᠋ᠢᠷᠢᠯᠠᠭᠤᠯᠪᠠ᠃
ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠳᠤ ᠰᠠᠭᠤᠭ᠎ᠠ ᠲᠤᠰᠬᠠᠶ ᠲᠤᠰᠢᠶᠠᠯᠲᠠᠨ᠎ᠤ ᠠᠯᠪᠠᠨ ᠬᠡᠷ᠎ᠤᠨ ᠳᠡᠳ᠋ ᠲᠤᠰᠬᠠᠶ ᠲᠤᠰᠢᠶᠠᠯᠲᠠᠨ ᠳ᠋ᠦᠩ ᠶᠧ 2020 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠲᠤ ᠬᠢᠨᠠᠯᠲᠠ ᠲᠠᠯᠪᠢᠬᠤ ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠵᠦ᠂ 2021 ᠣᠨ᠎ᠤ ᠭᠣᠣᠯᠳᠠᠯᠭ᠎ᠠ᠎ᠲᠠᠢ ᠠᠵᠢᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠲᠣᠪᠴᠢᠶᠠᠨ ᠳᠠᠷᠤᠭ᠎ᠠ ᠬᠤᠤ ᠶᠢᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠮᠠ ᠪᠢᠶᠤᠤ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠸᠠᠩ ᠼᠠᠢ ᠸᠠᠩ ᠬᠤᠷᠠᠯ᠎ᠢ ᠡᠷᠭᠢᠯᠡᠪᠡ᠃