ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠭᠤᠷᠬᠠᠢ ᠵᠢᠨ ᠤᠷᠤᠨ᠎ᠳᠤ ᠲᠡᠷᠭᠡᠯᠰᠢᠭᠰᠡᠨ ᠨᠤᠮᠢᠨ ᠨᠤᠭᠤᠭ᠋ᠠᠨ ᠬᠦᠰᠡᠯ — ᠮᠠᠨ᠎ᠤ ᠤᠷᠤᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠰᠢᠨ᠎ᠡ ᠠᠮᠵᠢᠯᠳᠠ ᠤᠯᠤᠯ᠎ᠠ
ᠨᠡᠶ᠋ᠢᠲᠡᠯᠡᠭᠰᠡᠨ ᠴᠠᠭ᠄ 2021-04-19

      ᠤᠳᠤᠭ ᠬᠤᠰᠢᠭᠤᠨ᠎ᠤ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠦᠪᠦᠷ ᠮᠤᠩᠭᠤᠯ᠎ᠤᠨ ᠪᠠᠷᠠᠭᠤᠨ ᠭᠡᠰᠡᠭ᠎ᠤᠨ ᠨᠡᠭᠦᠷᠡᠰᠦ ᠬᠡᠦᠷᠰᠢᠭᠦᠯᠬᠦ ᠺᠣᠮᠫᠠᠨᠢ ᠵᠢᠨ ᠦᠵᠦᠭᠦᠷ ᠪᠠᠯᠭ᠋ᠠᠰᠤ ᠵᠢᠨ ᠠᠭᠤᠷᠬᠠᠢ ᠵᠢᠨ ᠤᠷᠤᠨ᠎ᠳᠤ ᠨᠢᠯᠬ᠎ᠠ ᠨᠤᠭᠤᠭ᠎ᠠ ᠴᠤᠬᠤᠢ᠍ᠢ᠍ᠵᠤ ᠡᠬᠢᠯᠡᠯ᠎ᠠ᠃ ᠦᠩᠭᠡᠷᠡᠭᠰᠡᠨ᠎ᠤ ᠬᠤᠪᠠᠭ᠍ᠠᠢ ᠠᠭᠤᠷᠬᠠᠢ ᠵᠢᠨ ᠠᠭᠤᠯᠠ᠎ᠨᠢ ᠦᠨᠦ ᠦᠵᠦᠭᠦᠷ ᠪᠠᠯᠭ᠋ᠠᠰᠤ ᠵᠢᠨ ᠠᠭᠤᠷᠬᠠᠶ ᠵᠢᠨ ᠣᠷᠣᠨ᠎ᠤ ᠨᠣᠭᠤᠭ᠋ᠠᠨ ᠦᠵᠡᠮᠵᠢ ᠵᠢᠨ ᠨᠢᠭᠡ ᠬᠡᠰᠡᠭ ᠪᠤᠯᠤᠬᠰᠠᠨ ᠠᠵᠢ᠃
      ᠣᠶ᠋ᠢᠷ᠎ᠠ ᠵᠢᠨ ᠬᠤᠶᠠᠷ ᠵᠢᠯ᠎ᠳᠤ᠂ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠨᠡᠭᠦᠷᠡᠰᠦ ᠬᠡᠦᠷᠰᠢᠭᠦᠯᠬᠦ ᠺᠣᠮᠫᠠᠨᠢ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢ ᠶᠡᠭᠡ᠎ᠪᠠᠷ ᠲᠦᠯᠬᠢᠨ ᠠᠬᠢᠭᠤᠯᠵᠤ᠂ 《ᠬᠠᠪᠤᠷ ᠴᠡᠴᠡᠭ᠎ᠲᠠᠢ᠂ ᠵᠤᠨ ᠦᠵᠡᠮᠵᠢ᠎ᠲᠠᠢ᠂ ᠨᠠᠮᠤᠷ ᠵᠢᠮᠢᠰ᠎ᠲᠠᠢ᠂ ᠡᠪᠦᠯ ᠨᠤᠭᠤᠭ᠋ᠠᠨ ᠪᠠᠶ᠋ᠢᠬᠤ》 ᠨᠤᠭᠤᠭ᠋ᠠᠷᠠᠭᠤᠯᠤᠯᠳᠠ᠂ ᠭᠤᠶᠤᠵᠢᠭᠤᠯᠤᠯᠳᠠ᠂ ᠦᠵᠡᠮᠦᠷᠢ ᠵᠢ ᠨᠢᠭᠡ ᠴᠣᠭᠴᠠᠵᠢᠭᠤᠯᠤᠨ ᠵᠠᠰᠠᠯᠳᠠ ᠬᠢᠵᠦ ᠢᠯᠡᠳᠳᠡ ᠦᠷ᠎ᠡ ᠪᠦᠳᠦᠮᠵᠢ ᠤᠯᠤᠬᠰᠠᠨ ᠪᠠᠶ᠋ᠢᠨ᠎ᠠ᠃
      ᠨᠢᠳᠤᠨᠤᠨ᠎ᠤ 8 ᠰᠠᠷ᠎ᠠ᠎ᠳᠤ᠂ ᠣᠷᠳᠣᠰ ᠬᠤᠲᠠ ᠪᠣᠯᠤᠨ ᠦᠬᠠᠶ ᠬᠤᠲᠠ ᠵᠢᠨ ᠣᠷᠴᠢᠨ ᠲᠣᠭᠤᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠲᠤᠬᠠᠶ ᠵᠢᠨ ᠲᠠᠯᠠᠪᠠᠢ ᠵᠢᠨ ᠬᠤᠷᠠᠯ ᠳᠡᠭᠡᠷ᠎ᠡ᠂ ᠲᠣᠰ ᠺᠣᠮᠫᠠᠨᠢ ᠵᠢᠨ ᠦᠵᠦᠭᠦᠷ᠎ᠤᠨ ᠨᠡᠭᠦᠷᠡᠰᠦᠨ᠎ᠤ ᠰᠠᠭᠤᠷᠢᠨ᠎ᠤ ᠠᠭᠤᠷᠬᠠᠢ ᠵᠢᠨ ᠤᠷᠤᠨ᠎ᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠨᠢ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ᠎ᠤ ᠳᠡᠭᠡᠳᠦ ᠬᠡᠮᠵᠢᠶᠡᠨ᠎ᠤ ᠦᠨᠡᠯᠡᠯᠳᠡ ᠵᠢ ᠣᠯᠵᠤ᠂ 《ᠴᠡᠴᠡᠷᠯᠢᠭᠵᠢᠭᠰᠡᠨ ᠦᠢ᠍ᠯᠡᠳᠪᠦᠷᠢ ᠵᠢᠨ ᠲᠣᠭᠤᠷᠢᠭ》᠎ᠤᠨ ᠣᠷᠴᠢᠨ ᠲᠣᠭᠤᠷᠢᠨ᠎ᠨᠢ ᠲᠤᠬᠠᠶ ᠵᠢᠨ ᠭᠠᠵᠠᠷ᠎ᠤᠨ ᠠᠭᠤᠷᠬᠠᠶ ᠵᠢᠨ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ ᠵᠢᠨ ᠨᠡᠶ᠋ᠢᠳᠡᠯᠢᠭ ᠵᠢᠱ᠌ᠢᠶ᠎ᠡ ᠪᠤᠯᠤᠬᠰᠠᠨ ᠪᠠᠶ᠋ᠢᠨ᠎ᠠ᠃
      ᠦᠵᠦᠭᠦᠷ᠎ᠤᠨ ᠠᠭᠤᠷᠬᠠᠢ ᠵᠢᠨ ᠤᠷᠤᠨ᠎ᠤ ᠰᠢᠨ᠎ᠡ ᠬᠤᠪᠢᠷᠠᠯᠲᠠ᠎ᠨᠢ ᠮᠠᠨ᠎ᠤ ᠤᠷᠤᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠤᠭᠰᠠᠨ ᠨᠢᠭᠡᠨ ᠬᠤᠷᠢᠶᠠᠩᠭᠤᠶ ᠳᠦᠷᠰᠦ ᠪᠣᠯᠤᠨ᠎ᠠ᠃
      ᠣᠶ᠋ᠢᠷ᠎ᠠ ᠵᠢᠨ ᠵᠢᠯ᠎ᠳᠤ᠂ ᠮᠠᠨ᠎ᠤ ᠣᠷᠣᠨ ᠰᠢᠨ᠎ᠡ ᠬᠥᠭᠵᠢᠯᠲᠡ ᠵᠢᠨ ᠣᠢ᠍ᠢ᠍ᠯᠠᠭ᠋ᠠᠬᠳᠠᠬᠤᠨ᠎ᠢ ᠪᠥᠬᠦ ᠲᠠᠯ᠎ᠠ᠎ᠪᠠᠷ ᠦᠢ᠍ᠯᠡᠳᠦᠯᠭᠡᠵᠢᠭᠦᠯᠵᠦ᠂ ᠪᠥᠬᠦ ᠣᠷᠣᠨ᠎ᠤ ᠠᠭᠤᠷᠬᠠᠶ ᠵᠢᠨ ᠦᠢ᠍ᠯᠡᠰ᠎ᠤᠨ ᠬᠦᠷᠢᠶᠡᠨ᠎ᠳᠠᠬᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠦᠨᠡᠨ ᠬᠦ᠌ ᠠᠬᠢᠭᠤᠯᠤᠨ᠂ ᠪᠣᠬᠢᠷᠲᠤᠯ ᠥᠬᠡᠶ ᠬᠥᠭᠵᠢᠯᠲᠡ ᠵᠢᠨ ᠤᠢ᠍ᠢ᠍ᠯᠠᠭ᠋ᠠᠬᠳᠠᠬᠤᠨ᠎ᠢ ᠠᠭᠤᠷᠬᠠᠶ ᠵᠢᠨ ᠡᠬᠢ ᠪᠠᠶᠠᠯᠢᠭ᠎ᠢ ᠲᠥᠯᠥᠪᠵᠢᠭᠦᠯᠬᠦ᠂ ᠬᠠᠶ᠋ᠢᠨ ᠪᠠᠶ᠋ᠢᠴᠠᠭ᠋ᠠᠬᠤ᠂ ᠨᠡᠭᠡᠭᠡᠨ ᠠᠰᠢᠬᠯᠠᠬᠤ ᠬᠢᠭᠡᠳ ᠬᠠᠮᠠᠭ᠋ᠠᠯᠠᠬᠤ ᠪᠥᠬᠦ ᠶᠠᠪᠤᠴᠠ᠎ᠳᠤ ᠲᠤᠭᠤᠰᠢᠯᠠᠭᠤᠯᠵᠤ᠂ ᠠᠭᠤᠷᠬᠠᠶ ᠵᠢᠨ ᠦᠢ᠍ᠯᠡᠰ᠎ᠢ ᠬᠥᠲᠥᠯᠥᠨ ᠳᠠᠶ᠋ᠢᠴᠢᠯᠠᠵᠤ ᠪᠣᠬᠢᠷᠲᠤᠯ ᠥᠬᠡᠶ ᠬᠥᠭᠵᠢᠯᠲᠡ ᠵᠢᠨ ᠵᠠᠮ ᠵᠶ᠋ᠠᠷ ᠵᠠᠮᠨᠠᠭᠤᠯᠤᠨ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃
     2020 ᠣᠨ᠎ᠳᠤ᠂ ᠮᠠᠨ᠎ᠤ ᠣᠷᠣᠨ᠎ᠤ ᠪᠠᠶᠠᠨᠨᠠᠭᠤᠷ᠎ᠤᠨ ᠪᠠᠷᠠᠭᠤᠨ ᠬᠡᠰᠡᠭ᠎ᠤᠨ ᠵᠡᠰ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠬᠥᠭᠵᠢ ᠵᠡᠰ᠎ᠤᠨ ᠣᠯᠠᠨ ᠲᠡᠮᠦᠷᠯᠢᠭ᠎ᠤᠨ ᠠᠭᠤᠷᠬᠠᠶ᠂ ᠱᠧᠨ ᠬᠤᠸᠠ ᠢ ᠯᠢ ᠡᠨᠧᠷᠭᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠸᠠᠩ ᠢᠦᠶ ᠴᠦᠸᠠᠨ᠎ᠤ ᠨᠡᠭᠦᠷᠡᠰᠦᠨ ᠠᠭᠤᠷᠬᠠᠶ᠂ ᠥᠪᠥᠷ ᠮᠣᠩᠭᠤᠯ᠎ᠤᠨ ᠪᠠᠷᠠᠭᠤᠨ ᠦᠵᠦᠮᠦᠴᠢᠨ ᠬᠤᠰᠢᠭᠤᠨ᠎ᠤ ᠪᠠᠶᠠᠨᠬᠤᠸᠠ ᠨᠢᠭᠡᠳᠦᠭᠡᠷ ᠨᠣᠮᠧᠷᠲᠤ ᠵᠠᠳᠠᠭ᠋ᠠᠶ ᠨᠡᠭᠦᠷᠡᠰᠦᠨ ᠠᠭᠤᠷᠬᠠᠶ ᠵᠡᠷᠭᠡ 15 ᠠᠭᠤᠷᠬᠠᠶ᠎ᠨᠢ ᠪᠥᠬᠦ ᠤᠯᠤᠰ᠎ᠤᠨ ᠪᠣᠬᠢᠷᠲᠤᠯ ᠥᠬᠡᠶ ᠠᠭᠤᠷᠬᠠᠶ᠎ᠪᠠᠷ ᠪᠦᠷᠢᠳᠭᠡᠭᠳᠡᠪᠡ᠃ ᠣᠳᠣᠬᠠᠨ ᠪᠣᠯᠲᠠᠯ᠎ᠠ᠂ ᠮᠠᠨ᠎ᠤ ᠣᠷᠣᠨ᠎ᠤ 380 ᠠᠭᠤᠷᠬᠠᠶ᠎ᠨᠢ ᠪᠣᠬᠢᠷᠲᠤᠯ ᠥᠬᠡᠶ ᠠᠭᠤᠷᠬᠠᠶ᠎ᠪᠠᠷ ᠪᠦᠷᠢᠳᠭᠡᠭᠳᠡᠪᠡ᠂ ᠡᠭᠦᠨ᠎ᠳᠤ 67 ᠠᠭᠤᠷᠬᠠᠶ᠎ᠨᠢ ᠪᠥᠬᠦ ᠤᠯᠤᠰ᠎ᠤᠨ ᠪᠣᠬᠢᠷᠲᠤᠯ ᠥᠬᠡᠶ ᠠᠭᠤᠷᠬᠠᠶ᠎ᠪᠠᠷ ᠪᠦᠷᠢᠳᠭᠡᠭᠳᠡᠪᠡ᠃ ᠮᠥᠨᠴᠦ ᠨᠢᠳᠤᠨᠤᠨ᠂ ᠥᠪᠥᠷ ᠮᠣᠩᠭᠤᠯ᠎ᠤᠨ ᠤᠯᠠᠭ᠋ᠠᠨᠬᠠᠳᠠ ᠵᠢᠨ ᠬᠤᠶ᠋ᠢᠲᠤ ᠬᠡᠰᠡᠭ᠎ᠤᠨ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ ᠵᠢᠩᠬᠢᠨᠢ᠎ᠪᠠᠷ ᠤᠯᠤᠰ᠎ᠤᠨ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ ᠪᠣᠯᠵᠣ᠂ ᠵᠢᠱ᠌ᠢᠶ᠎ᠡ ᠦᠵᠡᠭᠦᠯᠬᠦ ᠣᠷᠣᠨ᠎ᠨᠢ ᠡᠬᠢ ᠪᠠᠶᠠᠯᠢᠭ᠎ᠲᠤ ᠲᠦᠰᠢᠭᠯᠡᠨ ᠠᠭᠤᠷᠬᠠᠶ ᠵᠢᠨ ᠦᠢ᠍ᠯᠡᠰ᠎ᠤᠨ ᠠᠵᠤ ᠠᠬᠤᠶ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠠᠭᠤᠷᠬᠠᠶ ᠵᠢᠨ ᠦᠢ᠍ᠯᠡᠰ᠎ᠤᠨ ᠬᠡᠪᠴᠢᠶᠡᠵᠢᠬᠦ᠂ ᠡᠷᠴᠢᠮᠵᠢᠬᠦ᠂ ᠰᠠᠭᠤᠷᠢᠨᠵᠢᠬᠤ ᠵᠢ ᠠᠬᠢᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠪᠦᠬᠦᠯᠢ ᠴᠣᠭᠴᠠ᠎ᠪᠠᠷ ᠨᠡᠭᠡᠭᠡᠨ ᠬᠥᠭᠵᠢᠭᠦᠯᠬᠦ ᠪᠠ ᠠᠰᠢᠬᠯᠠᠬᠤ ᠵᠢ ᠠᠬᠢᠭᠤᠯᠤᠭᠰᠠᠨ ᠪᠠᠶ᠋ᠢᠨ᠎ᠠ᠃ ᠣᠷᠳᠣᠰ ᠬᠤᠲᠠ ᠵᠢᠨ ᠨᠡᠶ᠋ᠢᠲᠡᠯᠡᠭᠰᠡᠨ 《ᠣᠷᠳᠣᠰ ᠬᠤᠲᠠ ᠵᠢᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠲᠦᠷᠢᠮ》᠎ᠨᠢ ᠮᠠᠨ᠎ᠤ ᠤᠷᠤᠨ᠎ᠤ ᠠᠩᠬᠠᠳᠠᠭᠴᠢ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠤᠬᠠᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠠᠶ᠋ᠢᠵᠤ᠂ ᠪᠠᠰᠠ ᠠᠩᠬ᠎ᠠ ᠤᠳᠠᠭ᠎ᠠ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠠᠷᠭ᠎ᠠ ᠬᠡᠯᠪᠡᠷᠢ᠎ᠪᠠᠷ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠭᠰᠠᠨ ᠠᠮᠢᠳᠤᠯᠢᠭ ᠦᠢ᠍ᠯᠡᠳᠦᠯᠭᠡ ᠪᠣᠯᠤᠨ᠎ᠠ᠃
      ᠮᠠᠨ᠎ᠤ ᠣᠷᠣᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ᠎ᠳᠤ ᠵᠤᠷᠢᠭᠤᠯᠤᠨ ᠤᠯᠠᠨ ᠠᠷᠭ᠎ᠠ ᠪᠤᠳᠤᠯᠭ᠎ᠠ ᠲᠤᠬᠳᠠᠭ᠋ᠠᠨ ᠬᠡᠷᠡᠭᠵᠢᠭᠦᠯᠦᠭᠰᠡᠨ ᠪᠠᠶ᠋ᠢᠨ᠎ᠠ᠃ 2018 ᠣᠨ᠎ᠠᠴᠠ 2020 ᠤᠨ ᠪᠣᠯᠲᠠᠯ᠎ᠠ᠂ ᠮᠠᠨ᠎ᠤ ᠣᠷᠣᠨ ᠭᠤᠷᠪᠠᠨ ᠵᠢᠯ ᠳᠠᠷᠠᠭ᠋ᠠᠯᠠᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠬᠤᠷᠠᠯ ᠪᠠ ᠲᠤᠬᠠᠶ ᠵᠢᠨ ᠲᠠᠯᠠᠪᠠᠢ ᠵᠢᠨ ᠬᠤᠷᠠᠯ ᠬᠤᠷᠠᠯᠳᠤᠭᠤᠯᠵᠤ᠂ ᠨᠢᠭᠡ ᠪᠦᠯᠦᠭ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠨᠡᠶ᠋ᠢᠲᠡᠯᠢᠭ ᠵᠢᠱ᠌ᠢᠶ᠎ᠡ ᠵᠢ ᠭᠠᠷᠭ᠋ᠠᠬᠤ᠎ᠪᠠᠷ ᠳᠠᠮᠵᠢᠨ᠂ ᠲᠡᠳᠡᠨ᠎ᠤ ᠲᠡᠷᠢᠭᠦᠨ᠎ᠤ ᠲᠤᠷᠰᠢᠯᠭ᠎ᠠ ᠵᠢᠴᠢ ᠪᠥᠲᠥᠭᠡᠨ ᠪᠠᠶ᠋ᠢᠭᠤᠯᠤᠯᠲᠠ ᠵᠢᠨ ᠬᠢᠯᠠᠰ ᠴᠡᠭ᠎ᠢ ᠥᠷᠭᠡᠨ ᠵᠶ᠋ᠠᠷ ᠤᠬᠠᠭᠤᠯᠵᠤ᠂ ᠪᠥᠬᠦ ᠣᠷᠣᠨ᠎ᠤ ᠠᠭᠤᠷᠬᠠᠶ ᠵᠢᠨ ᠠᠵᠤ ᠠᠬᠤᠶ᠋ᠢᠯᠠᠯ᠎ᠳᠤ ᠪᠣᠬᠢᠷᠲᠤᠯ ᠥᠬᠡᠶ ᠠᠭᠤᠷᠬᠠᠶ ᠵᠢ ᠡᠭᠦᠳᠦᠨ ᠪᠠᠶ᠋ᠢᠭᠤᠯᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠡᠭᠦᠨ᠎ᠤ ᠬᠠᠮᠲᠤ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠢᠳᠡᠪᠬᠢᠵᠢᠯ᠎ᠢ᠎ᠨᠢ ᠲᠠᠶ᠋ᠢᠴᠢᠯᠠᠵᠤ᠂ ᠠᠭᠤᠷᠬᠠᠶ ᠵᠢᠨ ᠠᠮᠢ ᠠᠬᠤᠶ ᠵᠢᠨ ᠰᠡᠷᠭᠦᠬᠡᠯᠳᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠠᠭᠤᠷᠬᠠᠶ ᠵᠢᠨ ᠠᠭᠤᠯᠠ ᠵᠢᠨ ᠵᠠᠰᠠᠯᠲᠠ ᠵᠢ ᠠᠮᠢ ᠠᠬᠤᠶ ᠵᠢ ᠰᠡᠷᠭᠦᠬᠡᠨ ᠰᠠᠶ᠋ᠢᠵᠢᠷᠠᠭᠤᠯᠬᠤ ᠪᠠ ᠠᠵᠤ ᠦᠢ᠍ᠯᠡᠰ᠎ᠤᠨ ᠬᠥᠭᠵᠢᠯᠲᠡ᠎ᠲᠠᠢ ᠤᠶᠠᠯᠳᠤᠭᠤᠯᠵᠤ᠂ ᠠᠭᠤᠷᠬᠠᠶ ᠵᠢᠨ ᠣᠷᠣᠨ᠎ᠢ ᠦᠵᠡᠮᠵᠢ ᠵᠢᠨ ᠣᠷᠣᠨ ᠪᠣᠯᠭ᠋ᠠᠨ ᠬᠤᠪᠢᠷᠠᠭᠤᠯᠬᠤ᠂ ᠠᠮᠢ ᠠᠬᠤᠶ ᠵᠢᠨ ᠦᠷ᠎ᠡ ᠠᠰᠢᠭ᠎ᠢ ᠠᠵᠤ ᠠᠬᠤᠢ ᠵᠢᠨ ᠦᠷ ᠎ᠠ ᠠᠰᠢᠭ ᠪᠣᠯᠭ᠋ᠠᠨ ᠬᠤᠪᠢᠷᠠᠭᠤᠯᠬᠤ ᠪᠣᠬᠢᠷᠲᠤᠯ ᠥᠬᠡᠶ ᠬᠥᠭᠵᠢᠯᠲᠡ ᠵᠢᠨ ᠵᠠᠮ ᠵᠶ᠋ᠠᠷ ᠦᠨᠡᠨ ᠬᠦ᠌ ᠵᠠᠮᠨᠠᠭᠤᠯᠤᠨ᠎ᠠ᠃
      ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ ᠮᠠᠨ᠎ᠤ ᠣᠷᠣᠨ ᠪᠠᠰᠠ ᠪᠣᠬᠢᠷᠲᠤᠯ ᠥᠬᠡᠶ ᠠᠭᠤᠷᠬᠠᠶ ᠵᠢᠨ ᠦᠨᠡᠯᠡᠯᠲᠡ ᠵᠢᠨ ᠰᠢᠰᠲ᠋ᠧᠮ ᠪᠠ ᠦᠨᠡᠯᠡᠬᠦ ᠱᠠᠭ᠋ᠠᠷᠳᠠᠯᠭ᠎ᠠ ᠵᠢ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠲᠤᠰᠬᠠᠶ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠪᠠ᠃ 2020 ᠣᠨ᠎ᠤ 4 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢ ᠦᠨᠡᠯᠡᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠨᠡᠷᠡᠰ᠎ᠢ ᠨᠡᠶ᠋ᠢᠲᠡᠯᠡᠪᠡ᠂ ᠡᠳᠡᠭᠡᠷ ᠲᠤᠰᠬᠠᠶ ᠮᠡᠷᠭᠡᠵᠢᠯᠲᠡᠨ᠎ᠨᠢ ᠤᠰᠤᠨ᠎ᠤ ᠠᠵᠤ ᠦᠢ᠍ᠯᠡᠳᠪᠦᠷᠢ ᠵᠢᠨ ᠣᠷᠴᠢᠨ ᠲᠣᠭᠤᠷᠢᠨ᠂ ᠠᠭᠤᠷᠬᠠᠶ ᠮᠠᠯᠲᠠᠬᠤ᠂ ᠠᠭᠤᠷᠬᠠᠶ ᠰᠣᠩᠭᠤᠬᠤ᠂ ᠣᠷᠴᠢᠨ ᠲᠣᠭᠤᠷᠢᠨ᠎ᠢ ᠬᠠᠮᠠᠭ᠋ᠠᠯᠠᠬᠤ᠂ ᠬᠥᠷᠥᠰᠥ ᠰᠢᠷᠣᠶ ᠵᠢ ᠬᠠᠮᠠᠭ᠋ᠠᠯᠠᠬᠤ᠂ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ᠂ ᠠᠭᠤᠷᠬᠠᠶ ᠵᠢᠨ ᠠᠵᠤ ᠠᠬᠤᠶ ᠵᠡᠷᠭᠡ ᠲᠤᠯᠤᠭ᠋ᠠᠨ ᠶᠡᠭᠡ ᠲᠥᠷᠥᠯ᠎ᠳᠤ ᠬᠤᠯᠪᠣᠭᠳᠠᠵᠤ᠂ ᠣᠷᠣᠨ᠎ᠤ ᠳᠣᠲᠣᠨ᠎ᠠ ᠭᠠᠳᠠᠨᠠᠬᠢ ᠨᠡᠶ᠋ᠢᠲᠡ 519 ᠬᠥᠮᠦᠨ ᠪᠣᠬᠢᠷᠲᠤᠯ ᠥᠬᠡᠶ ᠠᠭᠤᠷᠬᠠᠶ ᠵᠢ ᠦᠨᠡᠯᠡᠬᠦ ᠲᠤᠰᠬᠠᠶ ᠮᠡᠷᠭᠡᠵᠢᠯᠲᠡᠨ ᠪᠣᠯᠤᠬᠰᠠᠨ ᠪᠠᠶ᠋ᠢᠨ᠎ᠠ᠃ ᠡᠭᠦᠨ᠎ᠤ ᠬᠠᠮᠲᠤ ᠡᠯ᠎ᠡ ᠠᠶ᠋ᠢᠮᠠᠭ ᠬᠤᠲᠠ ᠵᠢ ᠪᠥᠬᠦ ᠣᠷᠣᠨ᠎ᠤ ᠪᠣᠬᠢᠷᠲᠤᠯ ᠥᠬᠡᠶ ᠠᠭᠤᠷᠬᠠᠶ ᠵᠢ ᠦᠨᠡᠯᠡᠬᠦ ᠠᠵᠢᠯ᠎ᠢ ᠥᠷᠨᠢᠭᠦᠯᠬᠦ ᠵᠢ ᠱᠠᠯᠠᠪᠳᠠᠭᠤᠯᠵᠤ᠂ ᠠᠭᠤᠷᠬᠠᠶ ᠵᠢᠨ ᠣᠷᠣᠨ᠎ᠤ ᠣᠷᠴᠢᠨ ᠲᠣᠭᠤᠷᠢᠨ᠂ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠠᠷᠭ᠎ᠠ ᠮᠠᠶᠢᠭ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠬᠯᠠᠬᠤ᠂ ᠡᠨᠧᠷᠭᠢ ᠠᠷᠪᠢᠯᠠᠨ ᠪᠣᠬᠢᠷᠲᠤᠯ᠎ᠢ ᠪᠠᠭ᠋ᠠᠰᠬᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠢᠭᠡᠳ ᠣᠶᠤᠨᠴᠢ ᠠᠭᠤᠷᠬᠠᠶ ᠵᠢᠨ ᠠᠭᠤᠯᠠ᠂ ᠠᠵᠤ ᠠᠬᠤᠶ᠋ᠢᠯᠠᠯ᠎ᠤᠨ ᠬᠠᠮᠢᠶᠠᠷᠤᠯᠲᠠ ᠬᠢᠭᠡᠳ ᠠᠵᠤ ᠠᠬᠤᠶ᠋ᠢᠯᠠᠯ᠎ᠤᠨ ᠳᠦᠷᠢ ᠲᠥᠷᠬᠦ ᠵᠡᠷᠭᠡ ᠵᠢᠷᠭᠤᠭ᠋ᠠᠨ ᠲᠠᠯ᠎ᠠ᠎ᠠᠴᠠ 100 ᠵᠦᠢ᠍ᠯ᠎ᠤᠨ ᠦᠨᠡᠯᠡᠬᠦ ᠭᠦᠢ᠍ᠴᠡᠳᠬᠡᠯ ᠲᠤᠭ᠎ᠠ ᠵᠢ ᠲᠣᠳᠣᠷᠬᠠᠶ᠋ᠢᠯᠠᠵᠤ᠂ ᠠᠭᠤᠷᠬᠠᠶ ᠵᠢᠨ ᠠᠵᠤ ᠠᠬᠤᠶ᠋ᠢᠯᠠᠯ᠎ᠤᠨ ᠪᠠᠷᠢᠮᠵᠢᠶ᠎ᠠ᠎ᠳᠤ ᠨᠡᠶ᠋ᠢᠴᠡᠬᠦ ᠡᠰᠡᠬᠦ ᠵᠢ ᠦᠨᠡᠯᠡᠬᠦ ᠦᠨᠳᠦᠰᠦᠯᠡᠯ ᠪᠣᠯᠭ᠋ᠠᠪᠠ᠃
     2020 ᠣᠨ᠎ᠤ 11 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ》᠎ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭ᠋ᠠᠪᠠ᠃ ᠲᠥᠰᠦᠯ᠎ᠳᠤ᠂ 《2023 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠪᠥᠬᠦ ᠣᠷᠣᠨ᠎ᠤ ᠠᠭᠤᠷᠬᠠᠶ ᠵᠢ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠨᠥᠬᠦᠴᠡᠯ᠎ᠳᠤ ᠦᠨᠳᠦᠰᠦᠨ᠎ᠳᠡᠭᠡᠨ ᠨᠡᠶ᠋ᠢᠴᠡᠭᠦᠯᠵᠦ᠂ ᠡᠬᠢ ᠪᠠᠶᠠᠯᠢᠭ᠎ᠢ ᠡᠷᠴᠢᠮᠵᠢᠭᠦᠯᠦᠨ ᠠᠰᠢᠬᠯᠠᠬᠤ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠂ ᠠᠭᠤᠷᠬᠠᠶ ᠵᠢᠨ ᠠᠮᠢ ᠠᠬᠤᠶ ᠣᠷᠴᠢᠨ ᠲᠣᠭᠤᠷᠢᠨ᠎ᠢ ᠪᠦᠲᠦᠮᠵᠢᠲᠡᠶ ᠬᠠᠮᠠᠭ᠋ᠠᠯᠠᠵᠤ᠂ ᠠᠭᠤᠷᠬᠠᠶ ᠵᠢᠨ ᠣᠷᠣᠨ᠎ᠤ ᠬᠠᠭ᠋ᠠᠯᠪᠤᠷᠢᠯᠠᠬᠰᠡᠨ ᠭᠠᠵᠠᠷ᠎ᠢ ᠰᠡᠷᠭᠦᠭᠡᠨ ᠰᠠᠶ᠋ᠢᠵᠢᠷᠠᠭᠤᠯᠬᠤ ᠬᠢᠷᠢ ᠬᠡᠮᠵᠢᠶ᠎ᠡ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠠᠭᠤᠷᠬᠠᠶ ᠵᠢᠨ ᠦᠢ᠍ᠯᠡᠰ᠎ᠤᠨ ᠪᠤᠬᠢᠷᠳᠦᠯ ᠦᠭᠡᠢ ᠬᠦᠭᠵᠢᠯᠳᠠ ᠵᠢ ᠦᠷᠭᠦᠯᠵᠢᠯᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠵᠠᠭᠪᠤᠷ᠎ᠢ ᠦᠨᠳᠦᠰᠦᠨ᠎ᠳᠡᠭᠡᠨ ᠪᠠᠶ᠋ᠢᠭᠤᠯᠤᠨ᠎ᠠ᠃ 2025 ᠣᠨ᠎ᠤ ᠰᠡᠭᠦᠯᠴᠢ᠎ᠠᠴᠠ ᠡᠮᠦᠨ᠎ᠡ᠂ ᠪᠥᠬᠦ ᠠᠭᠤᠷᠬᠠᠶ ᠵᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠦᠯᠵᠦ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠥᠯᠥ ᠨᠡᠶ᠋ᠢᠴᠡᠬᠦ ᠠᠭᠤᠷᠬᠠᠶ ᠵᠢᠨ ᠠᠵᠤ ᠠᠬᠤᠶ᠋ᠢᠯᠠᠯ᠎ᠢ ᠬᠠᠤᠯᠢ ᠶᠣᠰᠣᠭ᠋ᠠᠷ ᠠᠯᠬᠤᠮ ᠠᠯᠬᠤᠮ ᠵᠶ᠋ᠠᠷ ᠵᠠᠬ᠎ᠠ ᠳᠡᠯᠭᠡᠭᠦᠷ᠎ᠠᠴᠠ ᠤᠬᠤᠷᠢᠭᠤᠯᠤᠨ ᠭᠠᠷᠭ᠋ᠠᠨ᠎ᠠ》 ᠭᠡᠪᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ》᠎ᠳᠤ ᠲᠣᠭᠲᠠᠭ᠋ᠠᠭᠰᠠᠨ ᠶᠡᠷᠦᠩᠬᠡᠶ ᠬᠠᠷᠠᠯᠲᠠ᠎ᠨᠢ ᠥᠪᠥᠷ ᠮᠣᠩᠭᠤᠯ᠎ᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠵᠤ ᠰᠢᠨ᠎ᠡ ᠳᠡᠭᠲᠡᠷ᠎ᠲᠤ ᠭᠠᠷᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ᠎ᠳᠤ ᠨᠠᠩ ᠶᠡᠭᠡ ᠬᠤᠪᠢ ᠨᠡᠮᠡᠷᠢ ᠦᠵᠡᠭᠦᠯᠬᠦ᠎ᠨᠢ ᠯᠠᠪᠳᠠᠢ᠃
 

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠦᠵᠡᠯ ᠰᠠᠨᠠᠭ᠎ᠠ᠎ᠪᠠᠨ ᠴᠢᠯᠥᠭᠡᠯᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠦᠷᠯᠢᠭ ᠰᠠᠶ᠋ᠢᠬᠠᠨ ᠭᠤᠸᠠᠩᠰᠢ ᠵᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠥᠪᠥᠷ ᠮᠣᠩᠭᠣᠯ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠵᠢ ᠯᠠᠪᠳᠠᠭᠤᠨ ᠵᠶ᠋ᠠᠷ ᠠᠬᠢᠭᠤᠯᠵᠤ ᠪᠣᠶ
ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠭᠡ ᠵᠢᠨ ᠡᠪᠡᠰᠦ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠵᠢ ᠪᠠᠭ᠋ᠠᠰᠬᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠰᠤᠳᠤᠯᠤᠨ ᠨᠤᠲᠠᠯᠠᠬᠤ ᠬᠤᠷᠠᠯ ᠬᠤᠷᠠᠯᠳᠤᠭᠤᠯᠪᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠳᠡᠳ᠋ ᠳᠠᠷᠤᠭ᠎ᠠ ᠸᠠᠩ ᠯᠢᠶᠠᠨ ᡁᠢ ᠮᠠᠨ᠎ᠤ ᠣᠷᠣᠨ᠎ᠤ ᠢᠨᠵᠧᠨᠧᠷᠢᠩ᠎ᠤᠨ ᠲᠥᠪ᠎ᠲᠤ ᠫᠠᠶ᠋ᠢᠰᠠ ᠣᠯᠭᠣᠭᠰᠠᠨ ᠪᠥᠭᠡᠳ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠥᠬᠥ ᠣᠷᠣᠨ᠎ᠤ ᠣᠢ ᠰᠢᠭᠤᠶ ᠨᠤᠳᠤᠭ ᠪᠡᠯᠴᠢᠭᠡᠷ᠎ᠤᠨ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
             蒙ICP备05000248号