ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠭᠡ ᠵᠢᠨ ᠡᠪᠡᠰᠦ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠵᠢ ᠪᠠᠭ᠋ᠠᠰᠬᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠰᠤᠳᠤᠯᠤᠨ ᠨᠤᠲᠠᠯᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-06-24

     6 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠭᠡ ᠵᠢᠨ ᠡᠪᠡᠰᠦ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠵᠢ ᠪᠠᠭ᠋ᠠᠰᠬᠠᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢᠨ ᠰᠤᠳᠤᠯᠭ᠋ᠠᠨ᠎ᠤ ᠨᠤᠲᠠᠯᠠᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠬᠤᠷᠠᠯ᠎ᠠᠴᠠ ᠳᠤᠮᠳᠠᠳᠤ ᠤᠯᠤᠰ᠎ᠤᠨ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠷᠤᠭ᠎ᠠ ᠯᠢᠦ ᠱ᠌ᠢ ᠷᠦᠩ᠂ ᠪᠡᠭᠡᠵᠢᠩ᠎ᠤᠨ ᠤᠢ ᠰᠢᠭᠤᠢ ᠵᠢᠨ ᠶᠡᠬᠡ ᠰᠤᠷᠭ᠋ᠠᠭᠤᠯᠢ ᠵᠢᠨ ᠰᠦᠨ ᠵᠢᠶᠠᠨ ᠰᠢᠨ ᠫᠷᠦᠹᠸᠰᠰᠤᠷ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠎ᠤᠨ ᠵᠢᠨ ᠺᠸ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠯᠢ ᠶᠦᠩ ᠬᠣᠩ ᠫᠷᠦᠹᠸᠰᠰᠤᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠳᠠᠷᠤᠭ᠎ᠠ ᠯᠢᠦ ᠠᠢ ᠵᠢᠶᠦ᠋ᠨ ᠪᠠ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠵᠤᠤ ᠮᠸᠩ ᠯᠢ ᠫᠷᠦᠹᠸᠰᠰᠤᠷ ᠵᠡᠷᠭᠡ ᠲᠤᠰᠬᠠᠢ ᠮᠡᠷᠭᠡᠵᠢᠯᠲᠡᠨ᠎ᠢ ᠤᠷᠢᠵᠤ᠂ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ   ᠭᠠᠳᠠᠭᠰᠢᠯᠠᠭᠤᠯᠬᠤ ᠵᠢ ᠪᠠᠭ᠋ᠠᠰᠬᠠᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢᠨ ᠰᠤᠳᠤᠯᠭ᠋ᠠᠨ᠎ᠳᠤ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠬᠢᠯᠭᠡᠪᠡ᠃ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠴᠧᠨ ᠶᠦᠩ ᠴᠢᠤᠸᠠᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠳᠡᠳ᠋ ᠳᠠᠷᠤᠭ᠎ᠠ ᠸᠠᠩ ᠯᠢᠶᠠᠨ ᡁᠢ ᠮᠠᠨ᠎ᠤ ᠣᠷᠣᠨ᠎ᠤ ᠢᠨᠵᠧᠨᠧᠷᠢᠩ᠎ᠤᠨ ᠲᠥᠪ᠎ᠲᠤ ᠫᠠᠶ᠋ᠢᠰᠠ ᠣᠯᠭᠣᠭᠰᠠᠨ ᠪᠥᠭᠡᠳ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠥᠬᠥ ᠣᠷᠣᠨ᠎ᠤ ᠣᠢ ᠰᠢᠭᠤᠶ ᠨᠤᠳᠤᠭ ᠪᠡᠯᠴᠢᠭᠡᠷ᠎ᠤᠨ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠰᠢ ᠵᠢᠨ ᠫᠢᠩ ᠱᠠᠨᠰᠢ ᠵᠢᠨ ᠲᠡᠮᠡᠭᠡᠲᠦ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠥᠭᠡᠯᠡᠵᠦ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠴᠢᠷᠮᠠᠶ᠋ᠢᠭᠰᠠᠨ ᠲᠡᠭᠡᠷ᠎ᠡ᠎ᠪᠠᠨ ᠴᠢᠷᠮᠠᠶ᠋ᠢᠵᠤ ᠱᠠᠨᠰᠢ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ
ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠢᠮᠠᠭ᠋ᠠᠲᠤ ᠲᠣᠰᠬᠤᠨ᠎ᠤ ᠬᠦᠯᠡᠮᠵᠢ ᠵᠢᠨ ᠦᠵᠦᠮ ᠪᠣᠯᠪᠠᠰᠤᠷᠠᠪᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠮᠢᠲᠠᠨ ᠤᠷᠭᠤᠮᠠᠯ᠎ᠤᠨ ᠵᠤᠷᠭ᠋ᠠᠨ ᠨᠠᠮᠤᠷ ᠡᠪᠦᠯ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠦᠷᠨᠢᠬᠦᠯᠪᠡ
 
             蒙ICP备05000248号