7 ᠰᠠᠷ᠎ᠠ ᠵᠢᠨ 9᠎ᠤ ᠡᠳᠦᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠡᠯᠡᠰᠦᠨ᠎ᠳᠤ ᠤᠷᠭᠤᠬᠤ ᠪᠤᠲᠠᠯᠢᠭ ᠮᠣᠳᠣᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠨᠡᠭᠡᠭᠡᠨ ᠠᠰᠢᠭᠯᠠᠬᠤ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠎ᠲᠤ ᠫᠠᠶ᠋ᠢᠰᠠ ᠣᠯᠭᠣᠬᠤ ᠪᠠ ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠬᠤᠷᠠᠯ ᠬᠥᠬᠡᠬᠣᠲᠠ᠎ᠳᠤ ᠬᠤᠷᠠᠯᠳᠤᠪᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠸᠠᠩ ᠯᠢᠶᠠᠨ ᡁᠢ ᠳᠡᠳ᠋ ᠳᠠᠷᠤᠭ᠎ᠠ ᠬᠤᠷᠠᠯ᠎ᠳᠤ ᠣᠷᠣᠯᠴᠠᠵᠤ᠂ ᠢᠨᠵᠧᠨᠧᠷᠢᠩ᠎ᠤᠨ ᠲᠥᠪ᠎ᠤᠨ ᠳᠠᠭ᠋ᠠᠭ᠋ᠠᠴᠢᠯᠠᠨ ᠬᠠᠷᠢᠭᠤᠴᠠᠬᠤ ᠨᠢᠭᠡᠴᠡ ᠪᠣᠯᠬᠤ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠳᠤ ᠫᠠᠶ᠋ᠢᠰᠠ ᠣᠯᠭᠣᠭᠰᠠᠨ ᠪᠥᠭᠡᠳ ᠶᠠᠷᠢᠶ᠎ᠠ ᠲᠠᠯᠪᠢᠪᠠ᠃ ᠸᠠᠩ ᠳᠠᠷᠤᠭ᠎ᠠ ᠴᠢᠬᠤᠯᠠᠴᠢᠯᠠᠭᠰᠠᠨ᠎ᠨᠢ᠂ ᠢᠨᠵᠧᠨᠧᠷᠢᠩ᠎ᠤᠨ ᠲᠥᠪ᠎ᠨᠢ ᠰᠢᠨᠵᠢᠯᠡᠬᠦ ᠤᠬᠠᠭ᠋ᠠᠨᠴᠢ᠎ᠪᠠᠷ ᠬᠥᠭᠵᠢᠯᠲᠡ ᠵᠢᠨ ᠲᠥᠯᠥᠪᠯᠡᠭᠡ ᠲᠣᠭᠲᠠᠭ᠋ᠠᠵᠤ᠂ ᠪᠥᠲᠥᠭᠡᠨ ᠪᠠᠶ᠋ᠢᠭᠤᠯᠤᠯᠲᠠ ᠵᠢᠨ ᠬᠠᠷᠠᠯᠲᠠ ᠪᠠ ᠡᠭᠦᠷᠭᠡ᠎ᠪᠠᠨ ᠲᠣᠳᠣᠷᠬᠠᠶ᠋ᠢᠯᠠᠵᠤ᠂ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠲᠦᠷᠢᠮ᠎ᠤᠨ ᠪᠠᠶ᠋ᠢᠭᠤᠯᠤᠯᠲᠠ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠪᠠ ᠵᠠᠬ᠎ᠠ ᠳᠡᠯᠭᠡᠭᠦᠷ᠎ᠤᠨ ᠨᠡᠭᠡᠭᠡᠯᠲᠡ ᠵᠢ ᠴᠢᠩᠭ᠋ᠠᠳᠬᠠᠵᠤ᠂ ᠨᠥᠬᠥᠴᠡᠯ᠎ᠤᠨ ᠴᠢᠳᠠᠪᠬᠢ ᠵᠢᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠢᠨᠵᠧᠨᠧᠷᠢᠩ᠎ᠤᠨ ᠲᠥᠪ᠎ᠤᠨ ᠬᠦᠭᠵᠢᠯᠳᠡ ᠵᠢᠨ ᠳᠠᠭ᠋ᠠᠤ᠎ᠳᠤ ᠡᠯᠡᠰᠦᠨ᠎ᠳᠤ ᠤᠷᠭᠤᠬᠤ ᠪᠣᠳᠠ ᠮᠣᠳᠣ ᠵᠢ ᠰᠣᠩᠭᠣᠨ ᠪᠣᠶ᠋ᠢᠵᠢᠭᠤᠯᠬᠤ᠂ ᠳᠠᠷᠢᠬᠤ᠂ ᠠᠵᠤ ᠦᠢ᠍ᠯᠡᠰ᠎ᠤᠨ ᠮᠡᠷᠭᠡᠵᠢᠯ᠎ᠢ ᠳᠡᠯᠭᠡᠷᠡᠭᠦᠯᠬᠦ ᠵᠡᠷᠭᠡ ᠣᠯᠠᠨ ᠰᠢᠨᠵᠢᠯᠡᠭᠡᠨ᠎ᠤ ᠰᠠᠯᠠᠭ᠎ᠠ ᠵᠢᠨ ᠣᠷᠭ᠋ᠠᠨᠢᠭ ᠠᠭᠤᠰᠤᠯᠴᠠᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢ ᠳᠠᠶ᠋ᠢᠴᠢᠯᠠᠬᠤ ᠬᠡᠷᠡᠭᠲᠡᠶ ᠭᠡᠵᠡᠢ᠃ ᠸᠠᠩ ᠳᠠᠷᠤᠭ᠎ᠠ ᠵᠢᠭ᠋ᠠᠵᠤ ᠭᠠᠷᠭ᠋ᠠᠭᠰᠠᠨ᠎ᠨᠢ᠂ ᠢᠨᠵᠧᠨᠧᠷᠢᠩ᠎ᠤᠨ ᠲᠥᠪ᠎ᠨᠢ ᠬᠠᠮᠢᠶᠠᠷᠤᠯᠲᠠ ᠵᠢᠨ ᠪᠠᠶ᠋ᠢᠭᠤᠯᠤᠯ ᠬᠢᠭᠡᠳ ᠠᠵᠢᠯᠯᠠᠭ᠋ᠠᠨ᠎ᠤ ᠲᠣᠭᠲᠠᠴᠠ ᠵᠢᠨ ᠰᠢᠨ᠎ᠡ ᠵᠢ ᠵᠣᠷᠢᠭᠲᠠᠶ᠎ᠪᠠᠷ ᠡᠭᠦᠳᠬᠦ ᠬᠡᠷᠡᠭᠲᠡᠶ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠢᠯ ᠨᠢᠭᠡᠲᠡᠨ᠎ᠤ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠥᠷᠭᠡᠨ ᠵᠶ᠋ᠠᠷ ᠥᠷᠨᠢᠭᠦᠯᠦᠨ᠎ᠡ᠂ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠎ᠡ᠂ ᠢᠨᠵᠧᠨᠧᠷᠢᠩ᠎ᠤᠨ ᠲᠥᠪ᠎ᠢ ᠡᠯᠡᠰᠦᠨ᠎ᠳᠤ ᠤᠷᠭᠤᠬᠤ ᠪᠤᠳᠠ ᠮᠣᠳᠣᠨ᠎ᠤ ᠡᠬᠢ ᠪᠠᠶᠠᠯᠢᠭ᠎ᠢ ᠠᠰᠢᠭᠯᠠᠭᠰᠠᠨ ᠰᠢᠨ᠎ᠡ ᠦᠷ᠎ᠡ ᠪᠦᠲᠦᠭᠡᠯ ᠪᠣᠯᠤᠨ ᠰᠢᠨ᠎ᠡ ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠠᠪᠴᠠᠩ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠶ᠂ ᠡᠯᠡᠰᠦᠨ᠎ᠳᠤ ᠤᠷᠭᠤᠬᠤ ᠪᠤᠳᠠ ᠮᠣᠳᠣᠨ᠎ᠤ ᠡᠬᠢ ᠪᠠᠶᠠᠯᠢᠭ᠎ᠢ ᠠᠰᠢᠭᠯᠠᠬᠤ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠣᠯᠭ᠋ᠠᠬᠤ ᠬᠡᠷᠡᠭᠲᠡᠶ᠂ ᠡᠯᠡᠰᠦᠨ᠎ᠳᠤ ᠤᠷᠭᠤᠬᠤ ᠪᠤᠳᠠ ᠮᠣᠳᠣᠨ᠎ᠤ ᠡᠬᠢ ᠪᠠᠶᠠᠯᠢᠭ᠎ᠢ ᠠᠰᠢᠭᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠯᠢᠳᠡᠭ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ ᠪᠣᠯᠬᠤ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠥᠷᠨᠢᠭᠦᠯᠬᠦ ᠴᠢᠬᠤᠯᠠ ᠴᠣᠩᠬᠣᠪᠴᠢ ᠪᠣᠯᠭ᠋ᠠᠬᠤ ᠬᠡᠷᠡᠭᠲᠡᠶ᠂ ᠥᠪᠥᠷ ᠮᠣᠩᠭᠣᠯ ᠲᠡᠷᠡᠴᠢᠯᠡᠨ ᠪᠦᠬᠦ ᠤᠯᠤᠰ᠎ᠤᠨ ᠪᠤᠲᠠ ᠮᠣᠳᠣᠨ᠎ᠤ ᠡᠬᠢ ᠪᠠᠶᠠᠯᠢᠭ᠎ᠤᠨ ᠠᠵᠤ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃
ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠵᠢᠶᠠᠩ ᠵᠢᠶᠠᠨ ᠴᠦᠨ ᠵᠢᠴᠢ ᠳᠤᠮᠳᠠᠳᠤ ᠤᠯᠤᠰ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠨᠠᠨᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ᠂ ᠹᠦᠵᠢᠶᠠᠨ᠎ᠤ ᠲᠠᠷᠢᠶᠠᠯᠠᠩ ᠣᠶ ᠰᠢᠭᠤᠶ ᠵᠢᠨ ᠶᠡᠬᠡ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠨ ᠡᠷᠳᠡᠮᠲᠡᠳ ᠢᠨᠵᠧᠨᠧᠷᠢᠩ᠎ᠤᠨ ᠲᠥᠪ᠎ᠤᠨ ᠪᠥᠲᠥᠭᠡᠨ ᠪᠠᠶ᠋ᠢᠭᠤᠯᠤᠯᠲᠠ ᠬᠥᠭᠵᠢᠯᠲᠡ᠎ᠳᠤ ᠰᠠᠨᠠᠯ ᠰᠠᠨᠠᠭᠤᠯᠭ᠎ᠠ ᠳᠤᠷᠠᠳᠪᠠ᠃
ᠬᠤᠷᠠᠯ᠎ᠤᠨ ᠳᠠᠷᠠᠭ᠎ᠠ᠂ ᠸᠠᠩ ᠯᠢᠶᠠᠨ ᡁᠢ ᠳᠡᠳ᠋ ᠵᠤᠷᠭ᠋ᠠᠨ᠎ᠤ ᠳᠠᠷᠤᠭ᠎ᠠ ᠨᠠᠷ ᠥᠪᠥᠷ ᠮᠣᠩᠭᠣᠯ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠭᠠᠵᠠᠷ᠎ᠤᠨ ᠰᠠᠭᠤᠷᠢᠨ ᠭᠠᠵᠠᠷ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ᠂ ᠡᠨᠡ ᠬᠤᠭᠤᠴᠠᠭ᠋ᠠᠨ᠎ᠳᠤ᠂ ᠣᠶ ᠰᠢᠭᠤᠶ ᠨᠤᠳᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠡᠷᠭᠡ ᠠᠵᠢᠯ᠎ᠤᠨ ᠲᠣᠭᠣᠷᠢᠨ᠎ᠳᠤ ᠵᠢᠯᠣᠭᠣᠳᠣᠯᠭ᠎ᠠ ᠬᠢᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠶ᠃
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠦ᠋ ᠱ᠌ᠢ ᠵᠢᠶᠦ᠋ᠨ ᠭᠠᠵᠠᠷ᠎ᠤᠨ ᠳᠠᠷᠤᠭ᠎ᠠ ᠬᠤᠷᠠᠯ᠎ᠳᠤ ᠣᠷᠣᠯᠴᠠᠭᠰᠠᠨ ᠪᠥᠭᠡᠳ ᠪᠠᠶ᠋ᠢᠴᠠᠭ᠋ᠠᠨ ᠰᠤᠳᠤᠯᠤᠯᠲᠠ ᠬᠢᠪᠠ᠃ ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠶᠠᠩ ᠵᠢᠶᠦ᠋ᠨ ᠫᠢᠩ ᠵᠢᠴᠢ ᠬᠣᠯᠪᠣᠭᠳᠠᠯ ᠪᠥᠬᠥᠶ ᠨᠢᠭᠡᠴᠡ ᠵᠢᠨ ᠬᠠᠷᠢᠭᠤᠴᠠᠯᠭ᠋ᠠᠲᠠᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠨ᠎ᠠ ᠳᠡᠳ᠋ ᠵᠠᠬᠢᠷᠤᠯ ᠵᠢᠴᠢ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠭᠠᠵᠠᠷ᠎ᠤᠨ ᠳᠡᠳ᠋ ᠳᠠᠷᠤᠭ᠎ᠠ ᠫᠸᠩ ᠵᠦᠸᠸ ᠨᠠᠷ ᠲᠣᠰ ᠲᠣᠰ ᠪᠠᠷ᠎ᠠ ᠪᠣᠯᠵᠣ ᠬᠤᠷᠠᠯ᠎ᠳᠤ ᠣᠷᠣᠯᠴᠠᠭᠰᠠᠨ ᠪᠥᠭᠡᠳ ᠪᠠᠶ᠋ᠢᠴᠠᠭ᠋ᠠᠨ ᠰᠤᠳᠤᠯᠤᠯᠲᠠ ᠬᠢᠪᠠ᠃