ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠥᠬᠥ ᠣᠷᠣᠨ᠎ᠤ ᠣᠢ ᠰᠢᠭᠤᠶ ᠨᠤᠳᠤᠭ ᠪᠡᠯᠴᠢᠭᠡᠷ᠎ᠤᠨ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-08-02


     2021 ᠣᠨ᠎ᠤ 7 ᠰᠠᠷ᠎ᠠ ᠵᠢᠨ 26᠎ᠤ ᠡᠳᠦᠷ᠎ᠠᠴᠠ 7 ᠰᠠᠷ᠎ᠠ ᠵᠢᠨ 28᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠥᠬᠡᠬᠣᠲᠠ᠎ᠳᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠠᠶᠤᠩᠭ᠎ᠠ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠠᠶᠤᠩᠭ᠎ᠠ ᠲᠣᠪᠴᠢᠶᠠᠨ ᠳᠠᠷᠤᠭ᠎ᠠ᠂ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ ᠴᠢᠬᠤᠯᠠ ᠴᠢᠨᠠᠷ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠥᠷᠨᠢᠭᠦᠯᠬᠦ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠡᠯ᠎ᠡ ᠠᠶ᠋ᠢᠮᠠᠭ ᠬᠣᠲᠠ ᠡᠯ᠎ᠡ ᠲᠠᠯ᠎ᠠ ᠵᠢᠨ ᠡᠬᠢ ᠪᠠᠶᠠᠯᠢᠭ ᠪᠠ ᠬᠦᠴᠦᠨ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠶᠠᠪᠤᠴᠠ᠎ᠳᠠᠬᠢ ᠠᠮᠤᠷ ᠲᠦᠪᠰᠢᠨ᠎ᠤ ᠪᠠᠲᠤᠯᠠᠭ᠎ᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠂ ᠪᠠᠯᠠ ᠮᠥᠩᠭᠥ ᠵᠢᠨ ᠪᠠᠲᠤᠯᠠᠭ᠎ᠠ ᠪᠠ ᠲᠦᠷᠢᠮ᠎ᠤᠨ ᠪᠠᠲᠤᠯᠠᠭ᠎ᠠ ᠵᠢ ᠴᠢᠩᠭ᠋ᠠᠳᠬᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠡᠭᠦᠷᠭᠡ ᠵᠢ ᠬᠤᠭᠤᠴᠠᠭ᠎ᠠ ᠶᠣᠰᠣᠭ᠋ᠠᠷ᠂ ᠴᠢᠨᠠᠷ ᠰᠠᠶ᠋ᠢᠲᠠᠶ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ᠎ᠠᠴᠠ ᠡᠯ᠎ᠡ ᠠᠶ᠋ᠢᠮᠠᠭ ᠬᠣᠲᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠢ ᠰᠣᠨᠣᠰᠴᠤ᠂ ᠡᠯ᠎ᠡ ᠠᠶ᠋ᠢᠮᠠᠭ ᠬᠣᠲᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠡᠷᠡᠭᠵᠢᠭᠦᠯᠬᠦ ᠲᠥᠰᠦᠯ᠎ᠢ ᠬᠢᠨᠠᠨ ᠲᠣᠭᠲᠠᠭ᠋ᠠᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠤᠨ ᠬᠤᠭᠤᠴᠠᠭ᠋ᠠᠨ᠎ᠳᠤ᠂ ᠤᠯᠠᠭ᠋ᠠᠨᠬᠠᠳᠠ ᠬᠣᠲᠠ᠂ ᠬᠢᠩᠭ᠋ᠠᠨ ᠠᠶ᠋ᠢᠮᠠᠭ ᠤᠷᠢᠳ ᠬᠣᠵᠢᠳ ᠨᠡᠶ᠋ᠢᠲᠡᠯᠢᠭ ᠵᠢᠱ᠌ᠢᠶ᠎ᠡ ᠪᠣᠯᠤᠨ ᠲᠤᠷᠰᠢᠯᠭ᠎ᠠ ᠵᠢᠨ ᠲᠤᠬᠠᠢ ᠲᠤᠰᠬᠠᠢ ᠬᠠᠷᠢᠭᠤ ᠮᠡᠳᠡᠭᠦᠯᠦᠯᠲᠡ ᠬᠢᠵᠡᠶ᠃
      ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠨ ᠫᠷᠤᠹᠧᠰᠰᠤᠷ ᠵᠢᠴᠢ ᠪᠥᠬᠥ ᠣᠷᠣᠨ᠎ᠤ ᠠᠷᠪᠠᠨ ᠳᠥᠷᠪᠡᠨ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ ᠨᠡᠶ᠋ᠢᠲᠡ 80 ᠭᠠᠷᠤᠶ ᠬᠥᠮᠦᠨ ᠲᠣᠰ ᠤᠳᠠᠭ᠎ᠠ ᠵᠢᠨ ᠬᠤᠷᠠᠯ᠎ᠳᠤ ᠣᠷᠣᠯᠴᠠᠵᠠᠶ᠃ ᠲᠤᠰ ᠤᠳᠠᠭ᠋ᠠᠨ᠎ᠤ ᠬᠤᠷᠠᠯ᠎ᠢ ᠬᠤᠷᠠᠯᠳᠤᠭᠤᠯᠤᠭᠰᠠᠨ᠎ᠨᠢ ᠦᠵᠡᠯ ᠰᠠᠨᠠᠭ᠎ᠠ᠎ᠪᠠᠨ ᠨᠢᠭᠡᠳᠬᠡᠨ᠂ ᠬᠠᠮᠵᠢᠯᠴᠠᠨ ᠠᠬᠢᠭᠤᠯᠬᠤ ᠬᠠᠷᠠᠯᠲᠠ᠎ᠳᠤ ᠬᠦᠷᠴᠦ᠂ ᠪᠦᠬᠦ ᠣᠷᠣᠨ᠎ᠤ ᠣᠶ ᠰᠢᠭᠤᠶ ᠨᠤᠳᠤᠭ ᠪᠡᠯᠴᠢᠭᠡᠷ᠎ᠤᠨ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠲᠦᠯᠬᠢᠨ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
    ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠤᠨ ᠪᠠᠶ᠋ᠢᠷᠢᠯᠠᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠱᠠᠨᠰᠢ ᠵᠢᠨ ᠲᠡᠮᠡᠭᠡᠲᠦ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠦᠵᠡᠯ ᠰᠠᠨᠠᠭ᠎ᠠ᠎ᠪᠠᠨ ᠴᠢᠯᠥᠭᠡᠯᠡᠵᠦ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠴᠢᠷᠮᠠᠶ᠋ᠢᠭᠰᠠᠨ ᠲᠡᠭᠡᠷ᠎ᠡ᠎ᠪᠠᠨ ᠴᠢᠷᠮᠠᠶ᠋ᠢᠵᠤ ᠱᠠᠨᠰᠢ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ
ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠢᠮᠠᠭ᠋ᠠᠲᠤ ᠲᠣᠰᠬᠤᠨ᠎ᠤ ᠬᠦᠯᠡᠮᠵᠢ ᠵᠢᠨ ᠦᠵᠦᠮ ᠪᠣᠯᠪᠠᠰᠤᠷᠠᠪᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠮᠢᠲᠠᠨ ᠤᠷᠭᠤᠮᠠᠯ᠎ᠤᠨ ᠵᠤᠷᠭ᠋ᠠᠨ ᠨᠠᠮᠤᠷ ᠡᠪᠦᠯ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠦᠷᠨᠢᠬᠦᠯᠪᠡ
ᠴᠠᠭ᠋ᠠᠨ ᠬᠤᠰᠣᠨ ᠣᠢ ᠵᠢᠨ ᠦᠵᠡᠮᠵᠢ ᠵᠢᠨ ᠣᠷᠣᠨ
ᠭᠦᠷᠦᠭᠡᠰᠦᠲᠠᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ
 
             蒙ICP备05000248号