
9 ᠰᠠᠷ᠎ᠠ ᠵᠢᠨ 13᠎ᠠᠴᠠ 14᠎ᠤ ᠡᠳᠦᠷ ᠪᠤᠯᠲᠠᠯ᠎ᠠ᠂ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠱᠠᠨᠰᠢ ᠮᠤᠵᠢ ᠵᠢᠨ ᠲᠡᠮᠡᠭᠡᠲᠤ ᠬᠤᠳᠠ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠤᠯ 13᠎ᠤ ᠦᠳᠡ ᠵᠢᠨ ᠡᠮᠦᠨ᠎ᠡ᠂ ᠰᠢ ᠵᠢᠨ ᠫᠢᠩ ᠤᠯᠤᠰ᠎ᠤᠨ ᠡᠨᠧᠷᠬᠢ ᠵᠢᠨ ᠪᠦᠯᠦᠭᠯᠡᠯ᠎ᠤᠨ ᠲᠡᠮᠡᠭᠡᠲᠤ᠎ᠳᠠᠬᠢ ᠬᠢᠮᠢ ᠵᠢᠨ ᠦᠢ᠍ᠯᠡᠳᠪᠦᠷᠢ ᠵᠢᠨ ᠬᠢᠵᠠᠭ᠋ᠠᠷᠲᠤ ᠺᠤᠮᠫᠠᠨᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠠᠵᠤ ᠠᠬᠤ᠊ ᠵᠢᠯᠠᠯ᠎ᠤᠨ ᠠᠵᠢᠯᠲᠡᠨ ᠠᠵᠢᠯᠴᠢᠨ᠎ᠤ ᠲᠦᠯᠦᠭᠡᠯᠡᠭᠴᠢᠳ᠎ᠲᠠᠢ ᠲᠤᠳᠤᠨᠤ᠎ᠪᠠᠷ ᠶᠠᠷᠢᠯᠴᠠᠵᠤ ᠪᠠᠶ᠋ᠢᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ

9 ᠰᠠᠷ᠎ᠠ ᠵᠢᠨ 13᠎ᠠᠴᠠ 14᠎ᠤ ᠡᠳᠦᠷ ᠪᠤᠯᠲᠠᠯ᠎ᠠ᠂ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠱᠠᠨᠰᠢ ᠮᠤᠵᠢ ᠵᠢᠨ ᠲᠡᠮᠡᠭᠡᠲᠤ ᠬᠤᠳᠠ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠤᠯ 14᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠰᠦᠢ ᠳ᠋ᠧ ᠰᠢᠶᠠᠨ᠎ᠤ ᠵᠠᠩ ᠵᠢᠶᠠ ᠪᠢᠶᠠᠨ ᠪᠠᠯᠭ᠋ᠠᠰᠤ ᠵᠢᠨ ᠬᠤᠤ ᠵᠢᠶᠠ ᠴᠢᠶᠣᠤ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠨᠤᠳᠤᠭ᠎ᠤᠨ ᠠᠬ᠎ᠠ ᠲᠡᠭᠦᠤ ᠨᠠᠷ᠎ᠲᠠᠢ ᠮᠠᠨᠳᠤᠴᠢᠯᠡᠵᠤ ᠪᠠᠶ᠋ᠢᠭ᠎ᠠ᠎ᠨᠢ᠃
ᠰᠢᠨᠬᠤᠸᠠ ᠬᠤᠷᠢᠶᠡᠨ᠎ᠤ ᠰᠤᠷᠪᠤᠯᠵᠢᠯᠠᠬ᠍ᠴᠢ ᠰᠢᠶᠧ ᠬᠤᠸᠠᠨ ᠊ᠤᠤᠢ ᠰᠡᠬᠦᠳᠡᠷᠯᠡᠪᠡ
ᠰᠢᠨᠬᠤᠸᠠ ᠬᠤᠷᠢᠶᠠᠨ᠎ᠤ ᠲᠡᠮᠡᠭᠡᠲᠦ ᠵᠢᠨ 9 ᠰᠠᠷ᠎ᠠ ᠵᠢᠨ 15᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠤ᠊ ᠵᠢᠷᠠ ᠵᠢᠨ ᠡᠳᠦᠷ ᠱᠠᠨᠰᠢ ᠮᠤᠵᠢ ᠵᠢᠨ ᠲᠡᠮᠡᠭᠡᠲᠦ ᠬᠤᠳᠠ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠢᠷᠠᠭᠤ ᠠᠯᠳᠠᠷᠲᠤ ᠬᠤᠪᠢᠰᠬᠠᠯ᠎ᠤᠨ ᠤᠯᠠᠮᠵᠢᠯᠠᠯ᠎ᠢ ᠪᠠᠳᠠᠷᠠᠭᠤᠯᠤᠨ᠂ ᠦᠵᠡᠯ ᠰᠠᠨᠠᠭ᠎ᠠ᠎ᠪᠠᠨ ᠴᠢᠯᠥᠭᠡᠯᠡᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠬᠦ ᠡᠯ᠎ᠡ ᠵᠦᠢ᠍ᠯ᠎ᠤᠨ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠶ᠋ᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠨᠠᠩ ᠰᠠᠶ᠋ᠢᠲᠤᠷ ᠦᠢ᠍ᠯᠡᠴᠢᠯᠡᠬᠦ ᠪᠠ ᠠᠭᠤᠰᠤᠯᠴᠠᠵᠤ᠂ ᠱᠠᠨᠰᠢ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
9 ᠰᠠᠷ᠎ᠠ ᠵᠢᠨ 13᠎ᠠᠴᠠ 14᠎ᠤ ᠡᠳᠦᠷ ᠪᠣᠯᠲᠠᠯ᠎ᠠ᠂ ᠰᠢ ᠵᠢᠨ ᠫᠢᠩ ᠱᠠᠨᠰᠢ ᠮᠤᠵᠢ ᠵᠢᠨ ᠨᠠᠮ᠎ᠤᠨ ᠬᠤᠷᠢᠶᠠᠨ᠎ᠤ ᠱᠦᠵᠢ ᠯᠢᠦ ᠭᠦᠸᠧ ᠵᠦᠩ᠂ ᠮᠤᠵᠢ ᠵᠢᠨ ᠳᠠᠷᠤᠭ᠎ᠠ ᠵᠤᠤ ᠢ ᠳ᠋ᠧ ᠵᠢᠨ ᠪᠠᠷ᠎ᠠ ᠪᠤᠯᠤᠯᠭ᠎ᠠ᠎ᠪᠠᠷ ᠠᠵᠤ ᠠᠬᠤᠶ᠋ᠢᠯᠠᠯ᠂ ᠬᠥᠳᠡᠭᠡ ᠲᠣᠰᠬᠤᠨ᠂ ᠰᠤᠷᠭ᠋ᠠᠭᠤᠯᠢ᠂ ᠬᠤᠪᠢᠰᠬᠠᠯ᠎ᠤᠨ ᠬᠠᠭᠤᠴᠢᠨ ᠰᠠᠭᠤᠴᠠ ᠵᠡᠷᠭᠡ᠎ᠳᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠪᠡ᠃
13᠎ᠤ ᠦᠳᠡ ᠵᠢᠨ ᠡᠮᠦᠨ᠎ᠡ᠂ ᠰᠢ ᠵᠢᠨ ᠫᠢᠩ ᠡᠩ ᠲᠡᠷᠢᠭᠦᠨ᠎ᠳᠤ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠲᠡᠮᠡᠭᠡᠲᠤ᠎ᠳᠠᠬᠢ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠎ᠳᠤ ᠬᠦᠷᠴᠦ᠂ ᠡᠷᠬᠢᠯᠳᠡᠳᠤ ᠠᠵᠤ ᠠᠬᠤᠢ ᠵᠢᠨ ᠨᠡᠭᠦᠷᠡᠰᠦ ᠵᠢ ᠶᠡᠷᠦᠩᠬᠡᠶ᠋ᠢᠯᠡᠨ ᠠᠰᠢᠬᠯᠠᠬᠤ ᠲᠦᠷᠦᠯ ᠵᠦᠢ᠍ᠯ᠎ᠤᠨ ᠲᠥᠯᠥᠪᠵᠢᠭᠦᠯᠭᠡ ᠪᠠ ᠪᠦᠳᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠣᠶ᠋ᠢᠯᠠᠭ᠋ᠠᠪᠠ᠃ ᠭᠤᠣᠯ ᠡᠵᠡᠮᠳᠡᠬᠦ ᠲᠠᠰᠤᠭ᠎ᠲᠤ᠂ ᠰᠢ ᠵᠢᠨ ᠫᠢᠩ ᠲᠦᠷᠦᠯ ᠵᠦᠢ᠍ᠯ᠎ᠤᠨ ᠦᠢ᠍ᠯᠡᠳᠬᠦᠨ᠎ᠤ ᠦᠵᠡᠭᠦᠯᠭᠡ ᠵᠢ ᠦᠵᠡᠵᠦ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠪᠠᠷᠢᠮᠲᠠᠯᠠᠵᠤ᠂ ᠠᠮᠤᠷ ᠲᠦᠪᠰᠢᠨ᠂ ᠲᠣᠭᠲᠠᠭᠤᠨ᠂ ᠠᠷᠢᠭᠤᠨ ᠴᠡᠪᠡᠷ ᠡᠷᠬᠢᠯᠳᠡ ᠵᠢ ᠪᠠᠷᠢᠮᠲᠠᠯᠠᠭᠰᠠᠨ ᠠᠷᠭ᠎ᠠ ᠬᠢᠳᠡᠯ᠎ᠢ᠎ᠨᠢ ᠨᠤᠲᠠᠯᠠᠵᠤ ᠪᠠᠶ᠋ᠢᠬᠤ᠎ᠪᠠᠨ ᠢᠯᠡᠳᠬᠡᠪᠡ᠃ ᠲᠠᠷᠠᠭ᠎ᠠ᠎ᠨᠢ᠂ ᠰᠢ ᠵᠢᠨ ᠫᠢᠩ ᠵᠢᠯ᠎ᠤᠨ ᠦᠢ᠍ᠯᠡᠳᠪᠦᠷᠢᠯᠡᠯ᠎ᠤᠨ ᠬᠡᠮᠵᠢᠶ᠎ᠠ᠎ᠨᠢ 40 ᠲᠦᠮᠡᠨ ᠲᠣᠨ᠎ᠤ ᠡᠲ᠋ᠠ ᠬᠤᠶᠠᠷᠴᠢ ᠠᠯᠺᠣᠣᠯ᠎ᠤᠨ ᠲᠦᠷᠦᠯ ᠵᠦᠢ᠍ᠯ᠎ᠤᠨ ᠲᠤᠬᠠᠢ ᠵᠢᠨ ᠭᠠᠵᠠᠷ᠎ᠲᠤ ᠬᠦᠷᠴᠦ ᠪᠠᠶ᠋ᠢᠴᠠᠭ᠋ᠠᠨ ᠦᠵᠡᠵᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠭᠦᠨᠵᠡᠭᠡᠢ ᠬᠥᠭᠵᠢᠯᠲᠡ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠯᠠᠪᠯᠠᠨ ᠠᠰᠠᠭᠤᠵᠤ᠂ ᠠᠵᠤ ᠠᠬᠤᠶ᠋ᠢᠯᠠᠯ᠎ᠤᠨ ᠠᠵᠢᠯᠳᠠᠨ ᠠᠵᠢᠯᠴᠢᠨ᠎ᠤ ᠲᠥᠯᠥᠭᠡᠯᠡᠭᠴᠢᠳ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠲᠡᠮᠡᠭᠡᠲᠦ ᠪᠣᠯ ᠤᠯᠤᠰ᠎ᠤᠨ ᠡᠨᠧᠷᠭᠢ ᠵᠢᠨ ᠴᠢᠬᠤᠯᠠ ᠰᠠᠭᠤᠷᠢᠨ ᠮᠥᠨ᠂ ᠤᠯᠤᠰ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠨᠡᠭᠦᠷᠡᠰᠦ᠎ᠨᠢ ᠮᠠᠨ᠎ᠤ ᠤᠯᠤᠰ᠎ᠤᠨ ᠭᠤᠤᠯ ᠴᠣᠭᠴᠠ᠎ᠳᠤ ᠡᠨᠧᠷᠭᠢ ᠪᠣᠯᠤᠭᠰᠠᠨ᠎ᠤ ᠬᠤᠪᠢ᠎ᠳᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢᠨ ᠴᠢᠭᠯᠡᠯ ᠶᠣᠰᠣᠭ᠋ᠠᠷ᠂ ᠨᠡᠭᠦᠷᠡᠰᠦᠲᠥ᠋ᠷᠥᠭᠴᠢ ᠵᠢᠨ ᠭᠠᠳᠠᠬᠰᠢᠯᠠᠭᠤᠯᠤᠯᠳᠠ ᠵᠢ ᠤᠷᠬᠢᠯ ᠬᠡᠮᠵᠢᠭᠳᠡᠯ᠎ᠳᠤ ᠬᠦᠷᠬᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠡᠭᠦᠷᠭᠡ᠎ᠪᠠᠨ ᠪᠠᠷᠢᠮᠵᠢᠶᠠᠯᠠᠨ ᠪᠡᠶᠡᠯᠡᠭᠦᠯᠵᠦ᠂ ᠤᠯᠤᠰ᠎ᠤᠨ ᠪᠠᠶ᠋ᠢᠳᠠᠯ᠎ᠳᠤ ᠰᠠᠭᠤᠷᠢᠯᠠᠨ᠂ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠵᠤ᠂ ᠬᠤᠷᠢᠭ᠎ᠠ ᠱᠤᠭᠤᠮ᠎ᠢ ᠰᠠᠬᠢᠵᠤ᠂ ᠡᠮᠬᠢ ᠵᠢᠷᠤᠮ᠎ᠲᠠᠢ᠎ᠪᠠᠷ ᠬᠡᠮᠵᠢᠶ᠎ᠡ ᠵᠢ ᠪᠠᠭ᠋ᠠᠰᠬᠠᠨ ᠣᠷᠣᠯᠠᠭᠤᠯᠵᠤ᠂ ᠨᠡᠭᠦᠷᠡᠰᠦᠨ᠎ᠤ ᠬᠡᠷᠡᠭᠯᠡᠭᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠬᠤ ᠬᠡᠷᠡᠭᠲᠡᠶ᠃ ᠨᠡᠭᠦᠷᠡᠰᠦ ᠬᠢᠮᠢ ᠵᠢᠨ ᠠᠵᠤ ᠦᠢ᠍ᠯᠡᠤᠨᠪᠤᠷᠢ ᠵᠢᠨ ᠠᠵᠤ ᠦᠢ᠍ᠯᠡᠰ᠎ᠤᠨ ᠲᠠᠯᠳᠠ ᠬᠦᠴᠦᠨ ᠮᠠᠰᠢ ᠶᠡᠭᠡ ᠪᠥᠭᠡᠳ ᠠᠯᠤᠰ ᠢᠷᠡᠭᠡᠳᠦᠢ᠎ᠲᠠᠢ ᠶᠤᠮ᠂ ᠨᠡᠭᠦᠷᠡᠰᠦ᠎ᠪᠠᠷ ᠬᠢᠮᠢ ᠵᠢᠨ ᠠᠵᠤ ᠦᠢ᠍ᠯᠡᠳᠪᠦᠷᠢ ᠵᠢᠨ ᠲᠦᠭᠦᠬᠡᠢ ᠮᠠᠲ᠋ᠧᠷᠢᠶᠠᠯ ᠪᠣᠯᠭ᠋ᠠᠬᠤ ᠶᠡᠷᠦᠩᠬᠡᠶ᠋ᠢᠯᠡᠨ ᠠᠰᠢᠬᠯᠠᠬᠤ ᠪᠦᠳᠦᠮᠵᠢ ᠴᠢᠳᠠᠪᠤᠷᠢ ᠵᠢ ᠳᠡᠭᠡᠭᠰᠢᠯᠡᠭᠦᠯᠵᠦ᠂ ᠨᠡᠭᠦᠷᠡᠰᠦ ᠬᠢᠮᠢ ᠵᠢᠨ ᠠᠵᠤ ᠦᠢ᠍ᠯᠡᠤᠨᠪᠤᠷᠢ ᠵᠢᠨ ᠠᠵᠤ ᠦᠢ᠍ᠯᠡᠰ᠎ᠢ ᠳᠡᠭᠡᠳᠦ ᠲᠡᠰᠵᠢᠬᠦᠯᠬᠦ᠂ ᠤᠯᠠᠨ ᠡᠰᠢᠵᠢᠬᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠬᠤ ᠵᠢ ᠬᠠᠮᠤᠭ᠎ᠤᠨ ᠪᠠᠴᠢᠮ ᠲᠤᠯᠭ᠋ᠠᠮ ᠡᠭᠦᠷᠭᠡ᠎ᠪᠠᠨ ᠪᠣᠯᠭ᠋ᠠᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠲᠦᠷᠭᠡᠳᠬᠡᠵᠦ᠂ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠣᠨᠴᠠ ᠲᠦᠷᠦᠯ᠎ᠤᠨ ᠲᠦᠯᠡᠰᠢ᠂ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠠᠮᠢᠳᠤ ᠪᠣᠳᠠᠰ᠎ᠤᠨ ᠵᠠᠳᠠᠷᠠᠭᠤᠯᠵᠤ ᠪᠣᠯᠬᠤ ᠮᠠᠲ᠋ᠧᠷᠢᠶᠠᠯ ᠵᠡᠷᠭᠡ ᠵᠢ ᠢᠳᠡᠪᠬᠢᠲᠡᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
13᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠮᠢ ᡁᠢ ᠰᠢᠶᠠᠨ᠎ᠤ ᠶᠢᠨ ᠵᠧᠦ ᠵᠡᠭᠡᠯᠢ ᠭᠤᠳᠤᠮᠵᠢ ᠵᠢᠨ ᠭᠤᠤ ᠰᠢ ᠭ᠋ᠸᠤ ᠲᠣᠰᠬᠤᠨ᠎ᠳᠤ ᠬᠦᠷᠴᠦ ᠰᠢᠨᠵᠢᠯᠡᠨ ᠪᠠᠶ᠋ᠢᠴᠠᠭ᠋ᠠᠪᠠ᠃ ᠵᠢᠮᠢᠰ᠎ᠤᠨ ᠬᠦᠷᠢᠶᠡᠯᠡᠩ᠂ ᠣᠶ᠋ᠢᠲᠤ ᠭᠠᠵᠠᠷ᠂ ᠱᠠᠲᠤᠨ ᠲᠠᠷᠢᠶ᠎ᠠ᠂ ᠨᠦᠯᠦᠮᠡᠯ ᠭᠠᠵᠠᠷ᠎ᠤᠨ ᠬᠠᠰᠢᠯᠭ᠎ᠠ ᠠᠭᠤᠯᠠᠨ ᠵᠢᠯᠠᠭ᠎ᠠ᠎ᠪᠠᠷ ᠵᠢᠭᠳᠡᠷᠡᠨ ᠲᠠᠷᠬᠠᠵᠤ᠂ ᠨᠠᠮᠤᠷ᠎ᠤᠨ ᠡᠬᠢᠨ᠎ᠤ ᠰᠢᠷ᠎ᠠ ᠬᠥᠷᠥᠰᠥᠲᠦ ᠥᠨᠳᠦᠷᠯᠢᠭ ᠤᠨᠴᠠ ᠵᠢᠨ ᠨᠣᠮᠢᠨ ᠨᠣᠭᠤᠭ᠋ᠠᠨ ᠬᠠᠷᠠᠭᠳᠠᠨ᠎ᠠ᠃ ᠵᠠᠮ ᠵᠠᠭᠤᠷ᠎ᠠ᠎ᠪᠠᠨ᠂ ᠰᠢ ᠵᠢᠨ ᠫᠢᠩ ᠲᠡᠷᠭᠡᠨ᠎ᠠᠴᠠ ᠪᠠᠭᠤᠵᠤ ᠲᠠᠷᠢᠶᠠᠨ ᠲᠤᠮᠳᠠᠭᠤᠷ ᠠᠯᠬᠤᠯᠠᠵᠦ᠂ ᠨᠠᠷᠢᠮᠤ᠂ ᠮᠣᠩᠭᠤᠯ ᠠᠮᠤ᠂ ᠡᠷᠳᠡᠨᠢ ᠰᠢᠰᠢ ᠵᠢᠨ ᠤᠷᠭᠤᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠲᠠᠷᠢᠶᠠᠨ ᠳᠤᠮᠳᠠ ᠬᠥᠳᠡᠯᠮᠦᠷᠢᠯᠡᠵᠦ ᠪᠠᠶ᠋ᠢᠭ᠎ᠠ ᠨᠤᠲᠤᠭ᠎ᠤᠨ ᠠᠬ᠎ᠠ ᠲᠡᠬᠦᠦ ᠨᠡᠷ᠎ᠲᠠᠢ ᠵᠣᠭᠤᠭᠳᠠᠵᠤ᠂ ᠲᠡᠳᠡᠨ᠎ᠤ ᠦᠶᠯᠡᠳᠪᠦᠷᠢᠯᠡᠯ ᠡᠵᠡᠩᠨᠡᠯᠲᠡ᠂ ᠬᠡᠷ ᠪᠦᠯᠢ ᠵᠢᠨ ᠣᠷᠣᠯᠭ᠎ᠠ᠂ ᠡᠮᠴᠢᠯᠡᠭᠡᠨ᠎ᠤ ᠪᠠᠲᠤᠯᠠᠭ᠎ᠠ᠂ ᠦᠷ᠎ᠡ ᠬᠡᠦᠬᠡᠳ᠎ᠤᠨ ᠬᠢᠨᠢ ᠰᠤᠷᠭ᠋ᠠᠭᠤᠯᠢ᠎ᠳᠤ ᠣᠷᠣᠬᠤ ᠪᠠ ᠠᠵᠢᠯ ᠣᠯᠤᠭᠰᠠᠨ ᠵᠡᠷᠭᠡ ᠪᠠᠶ᠋ᠢᠳᠠᠯ᠎ᠢ ᠯᠠᠪᠯᠠᠨ ᠠᠰᠠᠭᠤᠪᠠ᠃ ᠭᠤᠤ ᠰᠢ ᠭ᠋ᠸᠤ ᠲᠣᠰᠬᠤᠨ᠎ᠤ ᠯᠦᠩ ᠳᠧᠦ ᠱᠠᠨ ᠠᠭᠤᠯᠠ ᠵᠢᠨ ᠤᠷᠤᠢ᠎ᠳᠤ᠂ ᠰᠢ ᠵᠢᠨ ᠫᠢᠩ ᠱᠠᠨᠰᠢ ᠮᠤᠵᠢ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠭᠤᠤ ᠰᠢ ᠭ᠋ᠸᠤ ᠲᠣᠰᠬᠤᠨ᠎ᠤ ᠰᠢᠷ᠎ᠠ ᠬᠥᠷᠥᠰᠥᠲᠦ ᠳᠣᠪᠣᠷᠬᠠᠭ ᠭᠤᠤ ᠭᠠᠩᠭ᠎ᠠ ᠵᠢᠨ ᠣᠷᠣᠨ᠎ᠢ ᠶᠡᠷᠦᠩᠬᠡᠶ᠋ᠢᠯᠡᠨ ᠵᠠᠰᠠᠬᠤ ᠵᠢ ᠬᠠᠶ᠋ᠢᠨ ᠰᠦᠪᠡᠭᠴᠢᠯᠡᠭᠰᠠᠨ ᠪᠠᠶ᠋ᠢᠳᠠᠯ᠎ᠤᠨ ᠲᠤᠬᠠᠢ ᠲᠠᠨᠢᠯᠴᠠᠭᠤᠯᠭ᠎ᠠ ᠵᠢ ᠰᠣᠨᠣᠰᠪᠠ᠃
ᠰᠢ ᠵᠢᠨ ᠫᠢᠩ᠂ ᠭᠤᠤ ᠰᠢ ᠭ᠋ᠸᠤ ᠲᠣᠰᠬᠤᠨ ᠪᠣᠯ ᠰᠢᠷ᠎ᠠ ᠬᠥᠷᠥᠰᠥᠲᠦ ᠥᠨᠳᠦᠷᠯᠢᠭ᠎ᠤᠨ ᠠᠮᠢ ᠠᠬᠤᠢ ᠵᠢᠨ ᠵᠠᠰᠠᠯᠲᠠ ᠵᠢᠨ ᠨᠢᠬᠡᠨ ᠦᠯᠢᠭᠡᠷ ᠵᠠᠬ᠍ᠪᠤᠷ ᠮᠥᠨ᠂ ᠲᠠ ᠨᠠᠷ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠥᠬᠦᠷᠡᠰᠢ ᠦᠭᠡᠢ ᠥᠷᠨᠢᠭᠦᠯᠵᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠤ ᠬᠥᠳᠡᠭᠡ ᠲᠣᠰᠬᠤᠨ᠎ᠤ ᠦᠢ᠍ᠯᠡᠰ᠎ᠢ ᠬᠥᠭᠵᠢᠭᠦᠯᠪᠠ᠂ ᠡᠨᠡ ᠬᠦ᠌ ᠵᠠᠮ ᠵᠶ᠋ᠠᠷ ᠵᠠᠮᠨᠠᠭᠰᠠᠨ᠎ᠨᠢ ᠵᠥᠪ ᠶᠤᠮ᠃ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠵᠢᠨ ᠵᠠᠰᠠᠯᠲᠠ ᠪᠣᠯᠤᠨ ᠤᠨᠴᠠᠯᠢᠬᠳᠤ ᠠᠵᠤ ᠦᠢ᠍ᠯᠡᠰ᠎ᠢ ᠬᠦᠭᠵᠢᠭᠦᠯᠬᠦ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠠᠮᠢ ᠠᠬᠤᠢ ᠪᠣᠯᠤᠨ ᠠᠵᠤ ᠠᠬᠤᠢ ᠵᠣᠬᠢᠴᠠᠩᠭᠤᠢ ᠬᠥᠭᠵᠢᠭᠰᠡᠨ᠂ ᠬᠥᠮᠦᠨ ᠬᠢᠬᠡᠳ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠠᠮ ᠵᠶ᠋ᠠᠷ ᠵᠠᠮᠨᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠭᠤᠤ ᠰᠢ ᠭ᠋ᠸᠤ ᠲᠣᠰᠬᠤᠨ᠎ᠠᠴᠠ ᠠᠶᠠᠷᠯᠠᠭ᠋ᠠᠳ᠂ ᠰᠢ ᠵᠢᠨ ᠫᠢᠩ ᠮᠢ ᡁᠢ ᠰᠢᠶᠠᠨ᠎ᠤ ᠵᠡᠭᠦᠨ ᠡᠮᠦᠨ᠎ᠡ ᠪᠠᠶ᠋ᠢᠭ᠎ᠠ ᠶᠠᠩ ᠵᠢᠶᠠ ᠭ᠋ᠸᠤ ᠵᠢᠨ ᠬᠤᠪᠢᠰᠬᠠᠯ᠎ᠤᠨ ᠬᠠᠭᠤᠴᠢᠨ ᠰᠠᠭᠤᠴᠠ᠎ᠳᠤ ᠬᠦᠷᠪᠡ᠃ 1947 ᠣᠨ᠎ᠤ ᠰᠡᠬᠦᠯᠴᠢ᠎ᠪᠠᠷ᠂ ᠮᠠᠤ ᠽᠧ ᠳ᠋ᠦᠩ ᠨᠥᠬᠦᠷ ᠲᠥᠪ᠎ᠤᠨ ᠪᠠᠶ᠋ᠢᠭᠤᠯᠭ᠎ᠠ ᠵᠢ ᠳᠠᠭ᠋ᠠᠭᠤᠯᠤᠨ ᠶᠠᠩ ᠵᠢᠶᠠ ᠭ᠋ᠸᠤ ᠲᠣᠰᠬᠤᠨ᠎ᠳᠤ ᠬᠦᠷᠴᠦ᠂ ᠠᠳᠡ 4 ᠰᠠᠷ᠎ᠠ ᠭᠠᠷᠤᠢ ᠪᠠᠶ᠋ᠢᠯᠳᠤᠨ ᠠᠮᠢᠳᠤᠷᠠᠵᠤ᠂ ᠪᠦᠬᠦ ᠤᠯᠤᠰ᠎ᠤᠨ ᠴᠢᠯᠥᠭᠡᠯᠡᠬᠦ ᠲᠠᠶ᠋ᠢᠨ ᠪᠣᠯᠤᠨ ᠪᠠᠷᠠᠭᠤᠨ ᠬᠤᠶ᠋ᠢᠲᠤ ᠵᠢᠨ ᠲᠠᠶ᠋ᠢᠨ᠎ᠤ ᠲᠠᠯᠠᠪᠤᠷ᠎ᠢ ᠵᠢᠯᠣᠭᠤᠳᠴᠤ᠂ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠬᠥᠳᠡᠯᠭᠡᠭᠡᠨ᠎ᠢ ᠤᠳᠤᠷᠢᠳᠤᠨ ᠥᠷᠨᠢᠭᠦᠯᠪᠡ᠃
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ 《ᠠᠷᠪᠠᠨ ᠬᠤᠶᠠᠳᠤᠭ᠋ᠠᠷ ᠰᠠᠷ᠎ᠠ ᠵᠢᠨ ᠬᠤᠷᠠᠯ》᠎ᠤᠨ ᠬᠠᠭᠤᠴᠢᠨ ᠰᠠᠭᠤᠴᠠ᠂ ᠮᠠᠤ ᠽᠧ ᠳ᠋ᠦᠩ᠎ᠤᠨ ᠬᠠᠭᠤᠴᠢᠨ ᠰᠠᠭᠤᠴᠠ᠂ ᠵᠧᠦ ᠧᠨ ᠯᠠᠢ ᠵᠢᠨ ᠬᠠᠭᠤᠴᠢᠨ ᠰᠠᠭᠤᠴᠠ ᠵᠡᠷᠭᠡ᠎ᠪᠠᠷ ᠲᠣᠭᠤᠷᠢᠨ ᠦᠵᠡᠵᠦ᠂ ᠬᠤᠪᠢᠰᠬᠠᠯ᠎ᠤᠨ ᠲᠡᠦᠬᠡ ᠵᠢ ᠡᠷᠭᠢᠴᠡᠭᠦᠯᠵᠦ᠂ ᠠᠬᠠᠮᠠᠳ ᠬᠤᠪᠢᠰᠬᠠᠯᠴᠢᠳ᠎ᠤᠨ ᠠᠭᠤᠤ ᠭᠠᠪᠢᠶ᠎ᠠ ᠠᠤᠭ᠎ᠠ ᠵᠢᠳᠬᠦᠯ᠎ᠢ ᠳᠤᠷᠠᠰᠤᠨ ᠰᠠᠨᠠᠭ᠋ᠠᠯᠵᠠᠪᠠ᠃
ᠰᠢ ᠵᠢᠨ ᠫᠢᠩ᠂ ᠲᠦᠷᠦ ᠵᠢᠨ ᠪᠤᠳᠤᠯᠭ᠎ᠠ ᠪᠠ ᠠᠷᠭ᠎ᠠ ᠪᠤᠳᠤᠯᠭ᠎ᠠ ᠪᠣᠯ ᠨᠠᠮ᠎ᠤᠨ ᠠᠮᠢ ᠨᠠᠰᠤ ᠮᠥᠨ᠃ ᠵᠠᠭᠤᠨ ᠵᠢᠯ᠎ᠤᠨ ᠲᠤᠷᠰᠢ᠂ ᠮᠠᠨ᠎ᠤ ᠨᠠᠮ ᠦᠵᠡᠯ ᠰᠠᠨᠠᠭ᠎ᠠ᠎ᠪᠠᠨ ᠨᠢᠭᠡᠳᠬᠡᠨ᠂ ᠠᠯᠬᠤᠮ ᠵᠶ᠋ᠠᠨ ᠨᠢᠭᠡᠳᠬᠡᠵᠦ᠂ ᠪᠦᠯᠬᠦᠮᠳᠡᠨ ᠤᠷᠤᠭᠰᠢᠯᠠᠵᠤ ᠴᠢᠳᠠᠬᠰᠠᠨ᠂ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠠᠭᠤᠤ ᠶᠡᠭᠡ ᠢᠯᠠᠯᠲᠠ ᠪᠠ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠣᠯᠵᠤ ᠴᠢᠳᠠᠭᠰᠠᠨ᠎ᠤ ᠰᠢᠯᠲᠠᠭ᠋ᠠᠨ᠎ᠨᠢ ᠳᠠᠷᠤᠢ ᠮᠠᠨ᠎ᠤ ᠨᠠᠮ ᠮᠠᠷᠺᠰ᠎ᠤᠨ ᠦᠵᠡᠯ᠎ᠤᠨ ᠵᠢᠯᠤᠭᠤᠳᠤᠯᠭ᠎ᠠ ᠵᠢ ᠪᠠᠷᠢᠮᠲᠠᠯᠠᠵᠤ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠪᠠᠭ᠎ᠠ᠎ᠠᠴᠠ ᠶᠡᠭᠡ ᠵᠢ ᠤ᠊ ᠵᠢᠯᠠᠭ᠋ᠠᠵᠤ᠂ ᠪᠣᠳᠠᠲᠤ ᠠᠬᠤᠢ ᠵᠢᠨ ᠠᠰᠠᠭᠤᠳᠠᠯ᠎ᠢ ᠰᠢᠢ᠍ᠳᠪᠦᠷᠢᠯᠡᠭᠰᠡᠨ ᠮᠥᠷᠲᠡᠭᠡᠨ ᠪᠠᠰᠠ ᠪᠠᠶ᠋ᠢᠯᠳᠤᠬᠤ ᠪᠤᠳᠤᠯᠭ᠎ᠠ ᠵᠢᠨ ᠠᠰᠠᠭᠤᠳᠠᠯ᠎ᠢ ᠰᠢᠢ᠍ᠳᠪᠦᠷᠢᠯᠡᠵᠦ᠂ ᠪᠠᠶ᠋ᠢᠳᠠᠯ᠎ᠢ ᠣᠨᠣᠪᠴᠢᠲᠠᠢ ᠮᠠᠭ᠋ᠠᠳᠯᠠᠨ ᠡᠵᠡᠮᠳᠡᠵᠦ᠂ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠬᠠᠷᠠᠯᠲᠠ ᠡᠭᠦᠷᠭᠡ᠂ ᠲᠦᠷᠦ ᠵᠢᠨ ᠪᠤᠳᠤᠯᠭ᠎ᠠ ᠠᠷᠭ᠎ᠠ ᠪᠤᠳᠤᠯᠭ᠎ᠠ ᠵᠢ ᠲᠣᠭᠲᠠᠭ᠋ᠠᠵᠤ ᠴᠢᠳᠠᠬᠰᠠᠨ᠎ᠳᠤ ᠪᠤᠢ᠃ ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠰᠢᠨᠵᠢᠯᠡᠬᠦ ᠤᠬᠠᠭ᠋ᠠᠨᠴᠢ᠎ᠪᠠᠷ ᠲᠦᠷᠦ ᠪᠠᠷᠢᠬᠤ᠂ ᠠᠷᠠᠳᠴᠢᠯᠠᠯ ᠵᠶ᠋ᠠᠷ ᠲᠦᠷᠦ ᠪᠠᠷᠢᠬᠤ᠂ ᠬᠠᠤᠯᠢ ᠶᠣᠰᠣᠭ᠋ᠠᠷ ᠲᠦᠷᠦ ᠪᠠᠷᠢᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠨᠠᠮ᠎ᠤᠨ ᠤᠳᠤᠷᠢᠳᠤᠯᠭ᠎ᠠ ᠵᠢᠨ ᠭᠤᠣᠯᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠮᠠᠷᠺᠰ᠎ᠤᠨ ᠦᠵᠡᠯ᠎ᠤᠨ ᠤᠭ ᠶᠤᠰᠤ ᠵᠢ ᠪᠠᠷᠢᠮᠲᠠᠯᠠᠵᠤ᠂ ᠮᠠᠷᠺᠰ᠎ᠤᠨ ᠦᠵᠡᠯ ᠵᠶ᠋ᠠᠷ ᠴᠠᠭ ᠦᠶ᠎ᠡ ᠵᠢ ᠠᠵᠢᠬᠯᠠᠨ᠂ ᠴᠠᠭ ᠦᠶ᠎ᠡ ᠵᠢ ᠡᠵᠡᠮᠳᠡᠵᠦ᠂ ᠴᠠᠭ ᠦᠶ᠎ᠡ ᠵᠢ ᠬᠦᠲᠦᠯᠦᠨ ᠳᠠᠭ᠋ᠠᠭᠤᠯᠬᠤ ᠵᠢᠨ ᠬᠠᠮᠲᠤ ᠦᠨᠡᠨ᠎ᠢ ᠪᠠᠷᠢᠮᠳᠠᠯᠠᠨ ᠪᠤᠳᠠᠳᠠᠢ ᠵᠢ ᠡᠷᠬᠢᠮᠯᠡᠬᠦ ᠵᠢ ᠪᠠᠷᠢᠮᠳᠠᠯᠠᠵᠤ᠂ ᠮᠠᠨ᠎ᠤ ᠤᠯᠤᠰ᠎ᠤᠨ ᠪᠣᠳᠠᠲᠤ ᠪᠠᠶ᠋ᠢᠳᠠᠯ᠎ᠠᠴᠠ ᠡᠭᠦᠰᠴᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠂ ᠴᠠᠭ ᠦᠶᠡᠴᠢᠯᠡᠬᠦ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
ᠰᠢ ᠵᠢᠨ ᠫᠢᠩ᠂ ᠬᠤᠪᠢᠰᠬᠠᠯ᠎ᠤᠨ ᠡᠬᠢ ᠪᠠᠶᠠᠯᠢᠭ᠎ᠢ ᠭᠦᠢ᠍ᠴᠡᠳ ᠠᠰᠢᠬᠯᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠂ ᠬᠤᠪᠢᠰᠬᠠᠯ᠎ᠤᠨ ᠠᠮᠢᠨ ᠰᠤᠳᠠᠰᠤ ᠵᠢ ᠦᠷᠭᠦᠯᠵᠢᠯᠡᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
14᠎ᠤ ᠦᠳᠡ ᠵᠢᠨ ᠡᠮᠦᠨ᠎ᠡ᠂ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠳ᠋ᠧ ᠵᠢᠨ ᠤᠷᠤᠨ ᠨᠤᠳᠤᠭ᠎ᠤᠨ ᠬᠤᠷᠢᠶ᠎ᠠ ᠵᠢᠨ ᠬᠠᠭᠤᠴᠢᠨ ᠰᠠᠭᠤᠴᠠ᠎ᠳᠤ ᠬᠦᠷᠴᠦ᠂ ᠬᠠᠭᠤᠴᠢᠨ ᠰᠠᠭᠤᠴᠠ ᠵᠢᠨ ᠪᠠᠶ᠋ᠢᠷᠢᠰᠢᠭᠤᠯᠤᠯᠲᠠ ᠪᠣᠯᠤᠨ ᠬᠡᠰᠡᠭ ᠰᠡᠷᠭᠦᠭᠡᠨ ᠵᠠᠰᠠᠭᠰᠠᠨ ᠪᠠᠶ᠋ᠢᠳᠠᠯ᠎ᠢ ᠨᠠᠷᠢᠨ ᠪᠠᠶ᠋ᠢᠴᠠᠭ᠋ᠠᠨ ᠦᠵᠡᠵᠦ᠂ ᠬᠤᠯᠪᠣᠭᠳᠠᠯ ᠪᠦᠬᠦᠢ ᠲᠤᠰᠬᠠᠢ ᠰᠡᠳᠦᠪᠲᠦ ᠦᠵᠡᠭᠦᠯᠭᠡ ᠵᠢ ᠲᠣᠭᠤᠷᠢᠨ ᠦᠵᠡᠪᠡ᠃ ᠰᠢ ᠵᠢᠨ ᠫᠢᠩ᠂ ᠡᠨᠡ ᠬᠦ᠌ ᠬᠦᠨ ᠵᠤᠵᠠᠭ᠋ᠠᠨ ᠬᠤᠪᠢᠰᠬᠠᠯ᠎ᠤᠨ ᠲᠡᠦᠬᠡ ᠵᠢ ᠡᠷᠭᠢᠴᠡᠭᠦᠯᠬᠦ᠎ᠳᠤ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ 《ᠨᠠᠮ᠎ᠤᠨ ᠠᠰᠢᠭ ᠲᠤᠰᠠ ᠵᠢ ᠲᠡᠷᠢᠭᠦᠨ᠎ᠳᠤ ᠲᠠᠯᠪᠢᠬᠤ》 ᠵᠢ ᠪᠠᠷᠢᠮᠲᠠᠯᠠᠵᠤ᠂ 《ᠬᠠᠮᠤᠭ᠎ᠤᠨ ᠤᠯᠠᠨ ᠲᠣᠭ᠋ᠠᠨ᠎ᠤ ᠬᠥᠳᠡᠯᠮᠦᠷᠢᠴᠢᠨ ᠠᠷᠠᠳ ᠲᠦᠮᠡᠨ᠎ᠤ ᠲᠠᠯ᠎ᠠ᠎ᠳᠤ ᠵᠣᠭᠰᠣᠬᠤ》 ᠵᠢ ᠪᠠᠷᠢᠮᠲᠠᠯᠠᠵᠤ᠂ 《ᠠᠷᠠᠳ ᠲᠦᠮᠡᠨ᠎ᠲᠠᠢ ᠡᠷᠡᠰ ᠬᠠᠮᠳᠤ ᠪᠠᠶ᠋ᠢᠬᠤ》 ᠵᠢ ᠪᠠᠷᠢᠮᠲᠠᠯᠠᠭᠰᠠᠨ᠎ᠨᠢ ᠴᠢᠬᠤᠯᠠ ᠶᠡᠭᠡ ᠰᠤᠷᠭ᠋ᠠᠨ ᠬᠥᠮᠦᠵᠢᠭᠦᠯᠬᠦ ᠠᠴᠢ ᠬᠤᠯᠪᠣᠭᠳᠠᠯ᠎ᠲᠠᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠬᠤᠪᠢᠰᠬᠠᠯ᠎ᠤᠨ ᠢᠯᠠᠯᠲᠠ ᠵᠢ ᠤᠯᠵᠤ ᠠᠷᠠᠳ᠎ᠤᠨ ᠰᠡᠳᠬᠢᠯ᠎ᠢ ᠣᠯᠵᠤ᠂ ᠲᠦᠭ ᠲᠦᠮᠡᠨ ᠠᠷᠠᠳ ᠤᠯᠠᠨ ᠮᠠᠨ᠎ᠤ ᠲᠠᠯ᠎ᠠ᠎ᠳᠤ ᠵᠣᠭᠰᠣᠬᠤ ᠵᠢ ᠡᠷᠡᠰ ᠪᠠᠳᠤ᠎ᠪᠠᠷ ᠰᠤᠩᠭᠤᠵᠠᠢ᠃ ᠪᠢᠳᠡ ᠬᠤᠪᠢᠰᠬᠠᠯ᠎ᠤᠨ ᠤᠯᠠᠮᠵᠢᠯᠠᠯ ᠪᠣᠯᠤᠨ ᠰᠢᠯᠢᠳᠡᠭ ᠰᠤᠷᠲᠠᠯ᠎ᠢ ᠵᠠᠯᠭ᠋ᠠᠮᠵᠢᠯᠠᠨ ᠪᠠᠳᠠᠷᠠᠭᠤᠯᠵᠤ᠂ ᠢᠮᠠᠭᠲᠠ ᠠᠷᠠᠳ ᠲᠦᠮᠡᠨ᠎ᠤ ᠠᠰᠢᠭ ᠲᠤᠰᠠ ᠵᠢ ᠬᠠᠮᠤᠭ᠎ᠤᠨ ᠳᠡᠭᠡᠳᠦ ᠪᠠᠶ᠋ᠢᠷᠢᠨ᠎ᠳᠤ ᠲᠠᠯᠪᠢᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠰᠢᠯᠠᠭᠤᠯᠵᠤ᠂ ᠠᠷᠠᠳ ᠲᠦᠮᠡᠨ᠎ᠤ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠬᠦᠨᠳᠦᠳᠬᠡᠵᠦ᠂ ᠢᠮᠠᠭᠲᠠ ᠠᠷᠠᠳ ᠲᠦᠮᠡᠨ᠎ᠲᠠᠢ ᠬᠠᠮᠲᠤ ᠵᠣᠭᠰᠣᠵᠤ᠂ ᠬᠠᠮᠲᠤ ᠪᠣᠳᠣᠯᠬᠢᠯᠠᠵᠤ ᠠᠵᠢᠯᠯᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃ ᠲᠠᠷᠠᠭ᠎ᠠ᠎ᠨᠢ᠂ ᠰᠢ ᠵᠢᠨ ᠫᠢᠩ ᠰᠦᠢ ᠳ᠋ᠧ ᠲᠤᠷᠰᠢᠯᠲᠠ ᠵᠢᠨ ᠳᠤᠮᠳᠠᠳᠤ ᠰᠤᠷᠭ᠋ᠠᠭᠤᠯᠢ᠎ᠳᠤ ᠬᠦᠷᠴᠦ᠂ ᠤᠷᠢᠳ ᠬᠤᠵᠢᠳ ᠬᠢᠴᠢᠶᠡᠯ᠎ᠤᠨ ᠭᠡᠷ᠂ ᠲᠠᠮᠢᠷ᠎ᠤᠨ ᠲᠠᠯᠠᠪᠤᠷ᠎ᠲᠤ ᠬᠦᠷᠴᠤ᠂ ᠰᠤᠷᠤᠭᠴᠢᠳ᠎ᠤᠨ ᠤᠷᠠᠨ ᠪᠢᠴᠢᠯᠭᠡ ᠵᠢᠨ ᠪᠣᠯᠪᠠᠰᠤᠷᠠᠯ ᠪᠣᠯᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠦᠵᠡᠵᠤ᠂ ᠤᠯᠠᠨ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠳᠤᠮᠳᠠᠳᠤ ᠵᠢᠨ ᠪᠣᠯᠪᠠᠰᠤᠨ ᠥᠨᠢ ᠤᠳᠠᠭ᠋ᠠᠨ ᠤᠯᠠᠮᠵᠢᠯᠠᠯ᠎ᠲᠠᠢ ᠶᠤᠮ᠂ ᠲᠠᠰᠤᠷᠠᠯᠲᠠ ᠦᠭᠡᠢ ᠦᠷᠭᠦᠯᠵᠢᠯᠡᠬᠦ ᠵᠢᠨ ᠰᠠᠭᠤᠷᠢᠨ᠎ᠢ ᠰᠤᠷᠭ᠋ᠠᠨ ᠬᠥᠮᠦᠵᠢᠯ᠎ᠳᠤ ᠪᠤᠢ᠃ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠰᠠᠭᠤᠷᠢᠨ᠎ᠢ ᠰᠤᠷᠭ᠋ᠠᠨ ᠬᠥᠮᠦᠵᠢᠯ᠎ᠳᠤ ᠪᠤᠢ᠃ ᠪᠢᠳᠡ ᠰᠤᠷᠭ᠋ᠠᠨ ᠬᠥᠮᠦᠵᠢᠯ᠎ᠢ ᠡᠷᠬᠢᠯᠡᠵᠦ ᠪᠠᠶ᠋ᠢᠭ᠎ᠠ᠎ᠨᠢ ᠳᠠᠷᠤᠢ ᠠᠷᠠᠳ ᠲᠦᠮᠡᠨ᠎ᠤ ᠶᠡᠷᠦᠩᠬᠡᠶ᠋ᠢᠯᠡᠭᠰᠡᠨ ᠬᠡᠪ ᠪᠤᠯᠪᠠᠰᠤᠷᠠᠯ᠎ᠢ ᠳᠡᠭᠡᠭᠰᠢᠯᠡᠭᠦᠯᠦᠨ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠦᠨ᠂ ᠰᠣᠶᠣᠯ᠎ᠤᠨ ᠢᠲᠡᠭᠡᠯ᠎ᠢ ᠪᠠᠲᠤᠳᠬᠠᠵᠤ᠂ ᠪᠦᠬᠦ ᠦᠨᠳᠦᠰᠦᠲᠡᠨ᠎ᠤ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠵᠢᠨ ᠲᠥᠯᠥᠭᠡ ᠶᠤᠮ᠃ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠨᠠᠮ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ᠂ ᠠᠷᠠᠳ ᠲᠦᠮᠡᠨ ᠵᠶ᠋ᠠᠨ ᠬᠠᠶ᠋ᠢᠷᠠᠯᠠᠬᠤ᠂ ᠨᠡᠶ᠋ᠢᠭᠡᠮ ᠵᠢᠷᠤᠮ ᠵᠶ᠋ᠠᠨ ᠬᠠᠶ᠋ᠢᠷᠠᠯᠠᠬᠤ ᠰᠡᠳᠬᠢᠯᠭᠡ ᠵᠢ ᠵᠤᠵᠠᠭ᠋ᠠᠳᠬᠠᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠴᠢᠷᠮᠠᠶ᠋ᠢᠨ ᠬᠥᠮᠦᠵᠢᠭᠦᠯᠬᠦ ᠬᠡᠷᠡᠭᠲᠡᠢ᠃ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠭᠤᠣᠯ ᠵᠢᠭᠰᠠᠭ᠋ᠠᠯ᠎ᠤᠨ ᠭᠠᠵᠠᠷ ᠪᠤᠯᠬᠤ ᠦᠢ᠍ᠯᠡᠳᠦᠯ᠎ᠢ ᠴᠢᠩᠭ᠋ᠠᠳᠬᠠᠨ᠂ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠡᠳᠦ ᠬᠦᠨᠳᠦ ᠰᠤᠷᠤᠯᠭ᠎ᠠ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠠᠷᠠᠳ ᠲᠦᠮᠡᠨ᠎ᠤ ᠰᠡᠳᠬᠢᠯ ᠬᠠᠨᠤᠮᠵᠢᠲᠠᠢ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠬᠡᠷᠡᠭᠲᠡᠢ᠃ ᠬᠠᠮᠤᠭ᠎ᠤᠨ ᠰᠡᠬᠦᠯ᠎ᠳᠤ᠂ ᠰᠢ ᠵᠢᠨ ᠫᠢᠩ ᠰᠤᠷᠤᠭᠴᠢᠳ᠎ᠢ ᠰᠠᠶ᠋ᠢᠨ ᠰᠠᠶ᠋ᠢᠬᠠᠨ ᠵᠠᠯᠠᠭᠤ ᠨᠠᠰᠤ᠎ᠪᠠᠨ ᠨᠠᠨᠳᠢᠩᠨᠠᠵᠤ᠂ ᠪᠡᠶ᠎ᠡ᠎ᠪᠠᠨ ᠵᠠᠰᠠᠵᠤ ᠶᠣᠰᠣ ᠰᠤᠷᠲᠠᠬᠤᠨ ᠵᠶ᠋ᠠᠨ ᠳᠡᠭᠡᠭᠰᠢᠯᠡᠭᠦᠯᠵᠤ᠂ ᠴᠢᠷᠮᠠᠶ᠋ᠢᠨ ᠰᠤᠷᠤᠯᠴᠠᠵᠤ ᠦᠭᠡᠳᠡᠯᠡᠨ ᠲᠠᠪᠰᠢᠵᠤ᠂ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠵᠤ᠂ ᠡᠷᠴᠢ ᠵᠣᠷᠢᠭ ᠵᠶ᠋ᠠᠨ ᠳᠠᠪᠲᠠᠨ ᠪᠣᠯᠪᠠᠰᠤᠷᠠᠭᠤᠯᠵᠤ᠂ ᠤᠯᠤᠰ᠂ ᠠᠷᠠᠳ ᠲᠦᠮᠡᠨ᠂ ᠨᠡᠶ᠋ᠢᠭᠡᠮ᠎ᠳᠤ ᠬᠡᠷᠡᠭᠴᠡᠭᠡ᠎ᠲᠠᠢ ᠬᠥᠮᠦᠨ ᠪᠣᠯᠤᠭ᠋ᠠᠷᠠᠢ ᠭᠡᠵᠦ ᠵᠣᠷᠢᠭᠵᠢᠭᠤᠯᠪᠠ᠃
ᠱᠠᠨᠰᠢ ᠪᠤᠯ ᠥᠨᠢ ᠤᠳᠠᠭ᠋ᠠᠨ ᠲᠡᠤᠬᠡ᠎ᠲᠠᠢ᠂ ᠡᠯᠪᠡᠭ ᠪᠠᠶᠠᠯᠢᠭ ᠰᠣᠶᠣᠯ᠎ᠤᠨ ᠥᠪ᠎ᠲᠠᠢ ᠪᠠᠶ᠋ᠢᠳᠠᠭ᠃ ᠰᠢ ᠵᠢᠨ ᠫᠢᠩ ᠰᠦᠢ ᠳ᠋ᠧ ᠰᠢᠶᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ ᠵᠢᠨ ᠣᠷᠳᠣᠨ᠎ᠳᠤ ᠬᠦᠷᠴᠦ᠂ ᠴᠢᠯᠠᠭᠤᠨ ᠱᠤᠭᠤᠮᠠᠯ᠂ ᠰᠦᠢ ᠳ᠋ᠧ ᠵᠢᠨ ᠫᠢᠩ ᠠᠨ ᠨᠣᠮ᠂ ᠴᠠᠭ᠋ᠠᠰᠤᠨ ᠬᠠᠶ᠋ᠢᠴᠢᠯᠠᠮᠠᠯ᠂ ᠠᠷᠠᠳ᠎ᠤᠨ ᠳᠠᠭᠤᠤ᠂ ᠰᠢᠪᠠᠷ ᠱᠤᠭᠤᠮᠠᠯ ᠵᠡᠷᠭᠡ ᠵᠢᠨ ᠳᠡᠯᠭᠡᠨ ᠦᠵᠡᠭᠦᠯᠭᠡ ᠵᠢ ᠲᠤᠭᠤᠷᠢᠨ ᠦᠵᠡᠵᠦ᠂ ᠲᠤᠬᠠᠢ ᠵᠢᠨ ᠭᠠᠵᠠᠷ᠎ᠤᠨ ᠤᠯᠠᠮᠵᠢᠯᠠᠯᠲᠤ ᠰᠣᠶᠣᠯ᠎ᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠨᠤᠲᠠᠯᠠᠵᠤ ᠪᠠᠶ᠋ᠢᠬᠤ᠎ᠪᠠᠨ ᠢᠯᠡᠳᠬᠡᠪᠡ᠃ ᠦᠵᠡᠭᠦᠯᠭᠡ ᠵᠢᠨ ᠣᠷᠳᠣᠨ᠎ᠤ ᠭᠠᠳᠠᠨ᠎ᠠ᠂ ᠶᠠᠭ ᠰᠠᠶ᠋ᠢᠬᠠᠨ ᠱᠠᠨᠰᠢ ᠵᠢᠨ ᠬᠤᠶ᠋ᠢᠲᠤ ᠬᠡᠰᠡᠭ᠎ᠤᠨ ᠶᠠᠩᠭ᠋ᠠᠷᠤᠨ ᠲᠣᠭᠯᠠᠯᠲᠠ ᠲᠤᠭᠯᠠᠵᠤ ᠪᠠᠶ᠋ᠢᠪᠠ᠃
ᠰᠢ ᠵᠢᠨ ᠫᠢᠩ ᠲᠤᠬᠠᠢ ᠵᠢᠨ ᠲᠠᠯᠠᠪᠠᠢ ᠵᠢᠨ ᠤᠯᠠᠨ ᠲᠦᠮᠡᠨ᠎ᠲᠠᠢ ᠮᠠᠨᠳᠤᠴᠢᠯᠡᠪᠡ᠃ ᠲᠡᠷᠡ᠂ ᠰᠦᠢ ᠳ᠋ᠧ ᠪᠣᠯ ᠰᠢᠷ᠎ᠠ ᠬᠥᠷᠥᠰᠥᠲᠦ ᠰᠣᠶᠣᠯ᠎ᠤᠨ ᠴᠢᠬᠤᠯᠠ ᠭᠤᠯᠤᠮᠳᠠ ᠵᠢᠨ ᠤᠷᠤᠨ᠎ᠤ ᠨᠢᠭᠡ ᠪᠣᠯᠤᠨ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ ᠡᠯᠪᠡᠭ ᠪᠠᠶ᠋ᠢᠵᠤ᠂ ᠰᠢᠯᠢᠳᠡᠭ ᠠᠷᠠᠳ᠎ᠤᠨ ᠤᠷᠠᠯᠢᠭ᠎ᠢ ᠪᠤᠶ᠋ᠢᠵᠢᠭᠤᠯᠤᠨ ᠬᠥᠭᠵᠢᠭᠦᠯᠵᠦ᠂ ᠱᠠᠨᠰᠢ ᠵᠢᠨ ᠬᠤᠶ᠋ᠢᠲᠤ ᠬᠡᠰᠡᠭ᠎ᠤᠨ ᠠᠷᠠᠳ ᠲᠦᠮᠡᠨ᠎ᠤ ᠬᠠᠯᠠᠭᠤᠨ ᠰᠡᠳᠬᠢᠯᠭᠡ᠂ ᠡᠭᠡᠯ ᠪᠣᠷᠣᠭᠵᠢᠭᠤᠨ᠂ ᠴᠤᠭ ᠰᠦᠯᠳᠠ ᠵᠢ ᠢᠯᠡᠷᠡᠭᠦᠯᠪᠡ᠃ ᠠᠷᠠᠳ᠎ᠤᠨ ᠤᠷᠠᠯᠢᠭ ᠪᠣᠯ ᠳᠤᠮᠳᠠᠳᠤ ᠵᠢᠨ ᠦᠨᠳᠦᠰᠦᠲᠡᠨ᠎ᠤ ᠡᠷᠬᠢᠮ ᠨᠠᠨᠳᠢᠨ ᠦᠪ ᠬᠦᠷᠦᠩᠬᠡ ᠮᠥᠨ᠂ ᠡᠪᠦᠭᠡ ᠳᠡᠭᠡᠳᠦᠰ᠎ᠤᠨ ᠦᠯᠡᠳᠡᠭᠡᠭᠰᠡᠨ ᠡᠳᠡᠭᠡᠷ ᠡᠷᠳᠡᠨᠢ ᠵᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠤᠯᠠᠮᠵᠢᠯᠠᠨ᠂ ᠰᠠᠶ᠋ᠢᠲᠤᠷ ᠠᠰᠢᠬᠯᠠᠬᠤ᠎ᠨᠢ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠬᠦ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ᠎ᠪᠠᠷ ᠬᠦᠳᠤᠯᠤᠨ ᠳᠠᠭ᠋ᠠᠭᠤᠯᠬᠤ ᠵᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ᠎ᠪᠠᠷ ᠣᠨᠳᠣᠣᠰᠢᠭᠤᠯᠬᠤ᠂ ᠰᠢᠨ᠎ᠡ ᠵᠢ ᠡᠭᠦᠳᠦᠨ ᠬᠥᠭᠵᠢᠭᠦᠯᠬᠦ ᠵᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠣᠯᠤᠨ ᠤᠳᠤ ᠦᠶ᠎ᠡ ᠵᠢᠨ ᠠᠮᠢᠳᠤᠷᠠᠯ᠎ᠤᠨ ᠠᠭᠤᠯᠵᠠᠷ ᠴᠡᠭ᠎ᠢ ᠣᠯᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠰᠦᠢ ᠳ᠋ᠧ ᠰᠢᠶᠠᠨ᠎ᠤ ᠪᠠᠷᠠᠭᠤᠨ ᠡᠮᠦᠨ᠎ᠡ ᠪᠠᠶ᠋ᠢᠭ᠎ᠠ ᠵᠠᠩ ᠵᠢᠶᠠ ᠪᠢᠶᠠᠨ ᠪᠠᠯᠭ᠋ᠠᠰᠤ ᠵᠢᠨ ᠬᠤᠤ ᠵᠢᠶᠠ ᠴᠢᠶᠣᠤ ᠲᠣᠰᠬᠤᠨ ᠪᠣᠯ ᠰᠦᠢ ᠳ᠋ᠧ ᠵᠢᠨ ᠤᠷᠤᠨ ᠨᠤᠳᠤᠭ᠎ᠤᠨ ᠨᠠᠮ᠎ᠤᠨ ᠬᠤᠷᠢᠶ᠎ᠠ ᠵᠢᠨ ᠶᠠᠫᠣᠨ᠎ᠢ ᠡᠰᠡᠷᠭᠦᠴᠡᠬᠦ ᠳᠠᠶ᠋ᠢᠨ᠎ᠤ ᠦᠶ᠎ᠡ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠪᠠᠷ ᠳᠠᠮᠵᠢᠨ ᠢᠯᠡᠷᠡᠭᠦᠯᠦᠭᠰᠡᠨ ᠵᠢᠱ᠌ᠢᠶᠡᠴᠢ ᠲᠣᠰᠬᠤᠨ ᠪᠣᠯᠤᠨ᠎ᠠ᠂ 《ᠲᠣᠰᠬᠤᠨ ᠪᠣᠯᠭ᠋ᠠᠨ ᠬᠤᠤ ᠵᠢᠶᠠ ᠴᠢᠶᠣᠤ᠎ᠠᠴᠠ ᠰᠤᠷᠤᠯᠴᠠᠵᠤ᠂ ᠬᠥᠮᠦᠨ ᠪᠣᠯᠭ᠋ᠠᠨ ᠯᠢᠦ ᠢᠦᠢ ᠾᠧᠦ᠎ᠠᠴᠠ ᠰᠤᠷᠤᠯᠴᠠᠬᠤ》 ᠠᠵᠢᠯᠯᠠᠭ᠎ᠠ ᠥᠷᠨᠢᠭᠦᠯᠬᠦ᠎ᠪᠠᠷ ᠳᠠᠮᠵᠢᠨ᠂ ᠶᠡᠭᠡ ᠦᠢ᠍ᠯᠡᠳᠪᠦᠷᠢᠯᠡᠯ᠎ᠤᠨ ᠬᠠᠯᠠᠭᠤᠨ ᠥᠷᠨᠢᠯᠲᠡ ᠵᠢ ᠪᠤᠢ ᠪᠤᠯᠭ᠋ᠠᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠬᠤᠤ ᠵᠢᠶᠠ ᠴᠢᠶᠣᠤ ᠲᠣᠰᠬᠤᠨ ᠤᠨᠴᠠᠯᠢᠬᠳᠤ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠲᠣᠰᠬᠤᠨ᠎ᠤ ᠳᠦᠷᠰᠦ ᠪᠠᠶ᠋ᠢᠳᠠᠯ ᠪᠣᠯᠤᠨ ᠲᠣᠰᠬᠤᠨ᠎ᠤ ᠠᠷᠠᠳ᠎ᠤᠨ ᠠᠮᠢᠳᠤᠷᠠᠯ᠎ᠳᠤ ᠭᠦᠨᠵᠡᠭᠡᠢ ᠬᠤᠪᠢᠷᠠᠯᠲᠠ ᠭᠠᠷᠴᠤ᠂ 《ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠵᠢᠱ᠌ᠢᠶᠡᠴᠢ》 ᠵᠢᠨ ᠢᠷᠠᠭᠤ ᠠᠯᠳᠠᠷ᠎ᠤᠨ ᠴᠣᠯᠠ ᠵᠢ ᠬᠦᠷᠳᠡᠪᠡ᠃ 14᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠠᠳᠡ ᠢᠷᠡᠵᠦ ᠲᠣᠰᠬᠤᠨ᠎ᠤ ᠲᠡᠦᠬᠡ ᠵᠢᠨ ᠦᠵᠡᠭᠦᠯᠭᠡ ᠵᠢ ᠨᠠᠷᠢᠨ ᠦᠵᠡᠵᠦ᠂ ᠡᠨᠡ ᠬᠦ᠌ 《ᠬᠤᠪᠢᠰᠬᠠᠯᠲᠤ ᠠᠭᠤᠯᠠᠨ ᠲᠣᠰᠬᠤᠨ》᠎ᠤ ᠢᠷᠠᠭᠤ ᠠᠯᠳᠠᠷᠲᠤ ᠬᠤᠪᠢᠰᠬᠠᠯ᠎ᠤᠨ ᠲᠡᠦᠬᠡ ᠵᠢᠴᠢ ᠬᠤᠪᠢᠰᠬᠠᠯ᠎ᠤᠨ ᠤᠯᠠᠮᠵᠢᠯᠠᠯ᠎ᠢ ᠤᠯᠠᠮᠵᠢᠯᠠᠭᠰᠠᠨ ᠪᠠᠶ᠋ᠢᠳᠠᠯ᠎ᠢ ᠣᠶ᠋ᠢᠯᠠᠭ᠋ᠠᠪᠠ᠃ ᠳᠠᠷᠠᠭ᠎ᠠ᠎ᠨᠢ᠂ ᠰᠢ ᠵᠢᠨ ᠫᠢᠩ ᠲᠣᠰᠬᠤᠨ᠎ᠤ ᠠᠷᠠᠳ ᠾᠧᠦ ᡁᠢ ᠷᠦᠩ᠎ᠤᠨ ᠭᠡᠷ᠎ᠲᠤ ᠬᠦᠷᠴᠦ ᠪᠣᠯᠭᠤᠭ᠋ᠠᠨ ᠦᠵᠡᠪᠡ᠃ ᠾᠧᠦ ᡁᠢ ᠷᠦᠩ᠎ᠤᠨ᠎ᠬᠢᠨ ᠨᠢᠬᠡᠨ ᠦᠶ᠎ᠠ ᠡᠪᠡᠳᠴᠢᠨ᠎ᠠᠴᠠ ᠪᠤᠯᠵᠤ ᠶᠠᠳᠠᠭᠤᠷᠠᠵᠤ᠂ ᠡᠯ᠎ᠡ ᠱᠠᠲᠤᠨ᠎ᠤ ᠬᠠᠪᠰᠤᠷᠤᠨ ᠲᠡᠳᠬᠦᠬᠦ ᠪᠠ ᠥᠪᠡᠷ᠎ᠤᠨ ᠴᠢᠷᠮᠠᠶ᠋ᠢᠯᠭ᠎ᠠ᠎ᠪᠠᠷ 2016 ᠣᠨ᠎ᠳᠤ ᠶᠠᠳᠠᠭᠤ᠎ᠠᠴᠠ᠎ᠪᠠᠨ ᠠᠩᠭᠢᠵᠢᠷᠠᠪᠠ᠃
ᠰᠢ ᠵᠢᠨ ᠫᠢᠩ᠂ ᠲᠠᠨ᠎ᠤ ᠨᠢᠭᠡ ᠭᠡᠷ᠎ᠤᠨ ᠬᠥᠮᠦᠰ᠎ᠤᠨ ᠠᠮᠢᠳᠤᠷᠠᠯ ᠡᠳᠦᠷ᠎ᠠᠴᠠ ᠡᠳᠦᠷ ᠰᠠᠶ᠋ᠢᠵᠢᠷᠠᠵᠤ᠂ ᠬᠥᠮᠦᠨ ᠠᠮᠠ ᠤᠯᠠᠨ ᠪᠤᠯᠤᠭᠰᠠᠨ᠎ᠢ ᠦᠵᠡᠭᠡᠳ ᠪᠢ ᠮᠠᠰᠢ ᠪᠠᠶᠠᠷᠯᠠᠵᠤ ᠪᠠᠶ᠋ᠢᠨ᠎ᠠ᠃ ᠨᠤᠲᠤᠭ᠎ᠤᠨ ᠠᠷᠠᠳ ᠤᠯᠠᠨ᠎ᠢ ᠰᠠᠶ᠋ᠢᠨ ᠰᠠᠶ᠋ᠢᠬᠠᠨ ᠠᠮᠢᠳᠤᠷᠠᠭᠤᠯᠬᠤ ᠪᠣᠯ ᠮᠠᠨ᠎ᠤ ᠨᠠᠮ᠎ᠤᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠂ ᠡᠪ ᠬᠠᠮᠲᠤ ᠨᠠᠮ ᠡᠨᠡ ᠬᠦ᠌ ᠶᠠᠪᠤᠳᠠᠯ᠎ᠢ ᠰᠠᠶ᠋ᠢᠲᠤᠷ ᠬᠢᠵᠦ᠂ ᠲᠠᠰᠤᠷᠠᠯᠳᠠ ᠦᠭᠡᠢ ᠰᠠᠶ᠋ᠢᠨ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠢ᠃ ᠪᠦᠬᠦ ᠨᠠᠮ ᠪᠦᠬᠦ ᠤᠯᠤᠰ ᠪᠦᠬᠦ ᠨᠡᠶ᠋ᠢᠭᠡᠮ ᠵᠶ᠋ᠠᠷ ᠵᠶ᠋ᠠᠨ ᠴᠥᠮ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠨᠡᠩ ᠶᠡᠭᠡ ᠰᠢᠨ᠎ᠡ ᠢᠯᠠᠯᠲᠠ ᠵᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠣᠰᠬᠤᠨ᠎ᠤ ᠵᠢᠮᠢᠰ ᠢᠳᠡᠰᠢᠨ ᠨᠣᠭᠤᠭ᠎ᠠ ᠵᠢᠨ ᠬᠦᠯᠡᠮᠵᠢ ᠵᠢᠨ ᠰᠠᠭᠤᠷᠢᠨ᠎ᠳᠤ᠂ ᠰᠢ ᠵᠢᠨ ᠫᠢᠩ ᠲᠤᠰ ᠲᠣᠰᠬᠤᠨ᠎ᠤ ᠠᠵᠤ ᠦᠢ᠍ᠯᠡᠰ᠎ᠤᠨ ᠲᠥᠯᠥᠪᠵᠢᠭᠦᠯᠭᠡ ᠪᠠ ᠬᠥᠭᠵᠢᠯᠲᠡ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠬᠦᠯᠡᠮᠵᠢ᠎ᠳᠤ ᠣᠷᠣᠵᠤ ᠦᠵᠦᠮ᠎ᠤᠨ ᠤᠷᠭᠤᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠲᠣᠰᠬᠤᠨ᠎ᠤ ᠬᠠᠷᠢᠯᠴᠠᠨ ᠬᠠᠪᠰᠤᠷᠤᠯᠴᠠᠬᠤ ᠵᠣᠯ ᠵᠢᠷᠭ᠋ᠠᠯ᠎ᠤᠨ ᠬᠦᠷᠢᠶᠡᠯᠡᠩ᠂ ᠲᠣᠰᠬᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠲᠤ᠂ ᠰᠢ ᠵᠢᠨ ᠫᠢᠩ ᠲᠣᠰᠬᠤᠨ᠎ᠤ ᠨᠠᠰᠤᠲᠠᠶ᠋ᠢᠴᠤᠳ᠂ ᠡᠮᠴᠢ ᠰᠤᠪᠢᠯᠠᠭᠴᠢ ᠨᠠᠷ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠬᠤᠤ ᠵᠢᠶᠠ ᠴᠢᠶᠣᠤ᠎ᠳᠤ ᠢᠷᠡᠭᠡᠳ ᠪᠢ ᠭᠦᠨ ᠬᠦᠮᠦᠵᠢᠯ ᠪᠠ ᠰᠡᠩᠬᠡᠷᠡᠭᠦᠯᠦᠯ ᠣᠯᠵᠠᠢ᠃ ᠠᠭᠤᠯᠠᠨ ᠭᠤᠤ ᠪᠠᠶᠠᠵᠢᠯ᠎ᠤᠨ ᠵᠠᠮ ᠵᠶ᠋ᠠᠷ ᠵᠠᠮᠨᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠭᠰᠡᠨ᠎ᠨᠢ ᠲᠥᠷᠥ ᠵᠢᠨ ᠪᠣᠳᠣᠯᠭ᠎ᠠ ᠵᠢᠨ ᠰᠠᠶ᠋ᠢᠨ᠂ ᠬᠥᠮᠦᠨ ᠠᠷᠠᠳ᠎ᠤᠨ ᠴᠢᠷᠮᠠᠶ᠋ᠢᠯᠭ᠎ᠠ᠂ ᠲᠡᠭᠷᠢ ᠵᠢᠨ ᠬᠡᠰᠢᠭ᠎ᠲᠤ ᠲᠦᠰᠢᠭᠯᠡᠭᠰᠡᠨ ᠶᠤᠮ᠃ ᠠᠳᠡ ᠬᠢᠵᠦ ᠲᠡᠶ᠋ᠢᠯᠬᠦ ᠵᠦᠢ᠍ᠯ᠎ᠢ ᠪᠤᠰᠤᠳ ᠭᠠᠵᠠᠷ᠎ᠲᠤ ᠴᠤ᠌ ᠬᠢᠵᠦ ᠳᠡᠶ᠋ᠢᠯᠬᠦ ᠬᠡᠷᠡᠭᠲᠡᠢ᠃ ᠡᠭᠦᠨ᠎ᠳᠤ ᠭᠦᠨᠵᠡᠭᠡᠶ ᠪᠠᠶ᠋ᠢᠴᠠᠭ᠋ᠠᠨ ᠰᠤᠳᠤᠯᠤᠯᠲᠠ ᠬᠢᠵᠦ᠂ ᠪᠠᠶ᠋ᠢᠳᠠᠯ᠎ᠢ ᠣᠨᠣᠪᠴᠢᠲᠠᠶ ᠤᠶ᠋ᠢᠯᠠᠭ᠋ᠠᠨ᠂ ᠠᠰᠠᠭᠤᠳᠠᠯ᠎ᠢ ᠨᠡᠪᠲᠡᠷᠬᠡᠶ ᠣᠶ᠋ᠢᠯᠠᠭ᠋ᠠᠵᠤ᠂ ᠠᠷᠭ᠎ᠠ ᠵᠢ ᠡᠷᠢᠵᠤ ᠣᠯᠵᠤ᠂ ᠲᠤᠷᠰᠢᠯᠭ᠎ᠠ᠎ᠪᠠᠨ ᠳ᠋ᠦᠩᠨᠡᠨ᠂ ᠨᠡᠶ᠋ᠢᠲᠡᠯᠢᠭ ᠵᠢᠱ᠌ᠢᠶ᠎ᠡ ᠵᠢᠨ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠦᠶᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠨᠠᠮ᠎ᠤᠨ ᠡᠭᠦᠷ᠎ᠢ ᠰᠠᠶ᠋ᠢᠲᠤᠷ ᠪᠠᠶ᠋ᠢᠭᠤᠯᠤᠨ᠂ ᠳᠠᠭ᠋ᠠᠭᠤᠯᠤᠭᠴᠢ ᠵᠢ ᠰᠠᠶ᠋ᠢᠲᠤᠷ ᠰᠣᠩᠭᠤᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠠᠬᠢᠯᠡᠯᠲᠡ ᠵᠢᠨ ᠦᠶᠯᠡᠳᠦᠯ᠎ᠢ ᠭᠦᠶᠴᠡᠳ ᠪᠠᠳᠠᠷᠠᠭᠤᠯᠬᠤ ᠪᠣᠯ ᠴᠢᠬᠤᠯᠠ ᠶᠤᠮ ᠭᠡᠵᠦ ᠵᠢᠭ᠋ᠠᠵᠤ ᠭᠠᠷᠭ᠋ᠠᠪᠠ᠃
ᠲᠣᠰᠬᠤᠨ᠎ᠠᠴᠠ ᠠᠶᠠᠷᠯᠠᠨ ᠰᠠᠯᠬᠤ ᠦᠶ᠎ᠡ᠎ᠳᠤ᠂ ᠰᠢ ᠵᠢᠨ ᠫᠢᠩ ᠨᠤᠲᠤᠭ᠎ᠤᠨ ᠠᠬ᠎ᠠ ᠳᠡᠭᠦᠦ ᠨᠡᠷ᠎ᠲᠤ ᠬᠤᠪᠢᠰᠬᠠᠯᠲᠤ ᠲᠠᠶ᠋ᠢᠨ᠎ᠤ ᠤᠨ ᠵᠢᠯ᠎ᠤᠳ᠎ᠤᠨ ᠶᠡᠭᠡ ᠦᠢ᠍ᠯᠡᠳᠪᠦᠷᠢᠯᠡᠯ᠎ᠤᠨ ᠬᠥᠳᠡᠯᠭᠡᠭᠡᠨ᠎ᠳᠤ ᠴᠦ᠍ ᠲᠡᠷᠡ᠂ ᠰᠢᠨ᠎ᠡ ᠴᠠᠭ ᠦᠶ᠎ᠡ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠴᠤ᠌ ᠲᠡᠷᠡ᠂ ᠬᠤᠤ ᠵᠢᠶᠠ ᠴᠢᠶᠣᠤ ᠵᠢᠨ ᠬᠥᠮᠦᠰ ᠢᠮᠠᠭᠲᠠ ᠰᠢᠷᠭ᠋ᠠᠭᠤ ᠬᠠᠲᠠᠭᠤᠵᠢᠯᠲᠠᠢ ᠲᠡᠮᠡᠴᠡᠵᠦ᠂ ᠵᠠᠮ ᠨᠡᠭᠡᠭᠡᠨ ᠰᠢᠨ᠎ᠡ ᠵᠢ ᠡᠭᠦᠳᠪᠡ᠃ ᠲᠠ ᠨᠠᠷ᠎ᠤᠨ ᠰᠢᠯᠢᠳᠡᠭ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠵᠣᠷᠢᠭᠲᠠᠶ᠎ᠪᠠᠷ ᠲᠦᠷᠦᠭᠦᠯᠡᠨ ᠬᠢᠵᠦ᠂ ᠡᠷᠡᠯᠬᠡᠭᠯᠡᠨ ᠲᠡᠮᠡᠴᠡᠵᠦ᠂ ᠬᠤᠤ ᠵᠢᠶᠠ ᠴᠢᠶᠣᠤ ᠲᠣᠰᠬᠤᠨ᠎ᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶᠡᠴᠢ ᠪᠣᠯᠭ᠋ᠠᠨ ᠪᠥᠲᠥᠭᠡᠨ ᠪᠠᠶ᠋ᠢᠭᠤᠯᠬᠤ᠎ᠪᠠᠷ ᠴᠢᠷᠮᠠᠶ᠋ᠢᠬᠤ ᠵᠢ ᠬᠦᠰᠡᠵᠦ ᠪᠠᠶ᠋ᠢᠨ᠎ᠠ ᠭᠡᠪᠡ᠃
ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃