ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠬᠤᠤ ᠶᠢᠩ ᠬᠥᠯᠥᠨ ᠪᠣᠶ᠋ᠢᠷ ᠬᠣᠲᠠ᠎ᠳᠤ ᠬᠦᠷᠴᠦ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠠᠵᠢᠯ᠎ᠢ ᠪᠠᠶ᠋ᠢᠴᠠᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2022-08-30

     2022 ᠣᠨ᠎ᠤ 8 ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠬᠤᠤ ᠶᠢᠩ ᠬᠥᠯᠥᠨ ᠪᠣᠶ᠋ᠢᠷ ᠬᠣᠲᠠ᠎ᠳᠤ ᠬᠦᠷᠴᠦ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠠᠵᠢᠯ᠎ᠢ ᠪᠠᠶ᠋ᠢᠴᠠᠭ᠋ᠠᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠸᠠᠩ ᠼᠠᠢ ᠸᠠᠩ᠂ ᠬᠥᠯᠥᠨ ᠪᠣᠶ᠋ᠢᠷ ᠬᠣᠲᠠ ᠵᠢᠨ ᠳᠡᠳ᠋ ᠬᠤᠳᠠ ᠵᠢᠨ ᠳᠠᠷᠤᠭ᠎ᠠ ᠯᠢᠶᠠᠩ ᠵᠢᠨ ᠰᠥᠩ᠂ ᠬᠥᠯᠥᠨ ᠪᠣᠶ᠋ᠢᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠪᠣᠯᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠨᠢᠭᠡᠴᠢ ᠵᠢᠨ ᠬᠠᠷᠢᠭᠤᠴᠠᠯᠭ᠋ᠠᠲᠠᠨ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃




      ᠬᠤᠤ ᠶᠢᠩ ᠲᠣᠪᠴᠢᠶᠠᠨ ᠳᠠᠷᠤᠭ᠎ᠠ ᠡᠩ ᠲᠡᠷᠢᠭᠦᠨ᠎ᠳᠤ ᠬᠥᠯᠥᠨ ᠪᠣᠶ᠋ᠢᠷ ᠬᠣᠲᠠ ᠵᠢᠨ ᠠᠭ᠋ᠠᠷ ᠠᠶᠠᠯᠠᠯ᠎ᠤᠨ ᠭᠠᠯ ᠰᠡᠷᠭᠡᠶ᠋ᠢᠯᠡᠬᠦ ᠰᠠᠭᠤᠷᠢᠨ ᠭᠠᠵᠠᠷ᠎ᠲᠤ ᠬᠦᠷᠴᠦ᠂ ᠡᠭᠦᠷᠭᠡ ᠬᠦᠢ᠍ᠴᠡᠳᠬᠡᠵᠦ ᠪᠠᠶ᠋ᠢᠭ᠎ᠠ   ᠠᠭ᠋ᠠᠷ ᠠᠶᠠᠯᠠᠯ᠎ᠤᠨ ᠠᠵᠢᠯᠲᠠᠳ᠎ᠢ ᠡᠷᠬᠢᠨ ᠦᠵᠡᠵᠦ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠠᠭ᠋ᠠᠷ ᠠᠶᠠᠯᠠᠯ᠎ᠤᠨ ᠱᠤᠭᠤᠮ᠎ᠤᠨ ᠲᠣᠬᠢᠷᠠᠭᠤᠯᠤᠯᠲᠠ᠂ ᠨᠢᠰᠬᠡᠯ᠎ᠤᠨ ᠪᠡᠯᠡᠳᠬᠡᠮᠵᠢ   ᠪᠤᠯᠤᠨ ᠴᠡᠷᠢᠭ᠎ᠤᠨ ᠠᠭ᠋ᠠᠷ ᠠᠶᠠᠯᠠᠯ ᠪᠠ ᠠᠷᠠᠳ᠎ᠤᠨ ᠠᠭ᠋ᠠᠷ ᠠᠶᠠᠯᠠᠯ᠎ᠤᠨ ᠵᠣᠬᠢᠴᠠᠭᠤᠯᠬᠤ ᠠᠵᠢᠯ   ᠵᠢᠴᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠭ᠋ᠠᠷ ᠠᠶᠠᠯᠠᠯ᠎ᠤᠨ ᠭᠠᠯ ᠰᠡᠷᠭᠡᠶ᠋ᠢᠯᠡᠬᠦ ᠬᠠᠮᠢᠶᠠᠷᠤᠯᠲᠠ ᠵᠢᠨ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠂ ᠰᠠᠭᠤᠷᠢᠨ ᠭᠠᠵᠠᠷ᠎ᠤᠨ ᠠᠮᠤᠷ ᠲᠦᠪᠰᠢᠨ ᠠᠵᠢᠯᠯᠠᠭ᠋ᠠᠨ᠎ᠤ ᠬᠠᠮᠢᠶᠠᠷᠤᠯᠲᠠ ᠪᠠ ᠲᠣᠭᠣᠷᠢᠨ ᠬᠠᠮᠠᠭ᠋ᠠᠯᠠᠬᠤ ᠶᠠᠪᠤᠴᠠ᠎ᠳᠤ ᠢᠯᠡᠷᠡᠭᠦᠯᠦᠭᠰᠡᠨ ᠭᠠᠯ᠎ᠤᠨ ᠪᠠᠶ᠋ᠢᠳᠠᠯ᠎ᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠡᠷᠡ᠎ᠪᠠᠷ ᠬᠥᠯᠥᠨ ᠪᠤᠢ᠍ᠢ᠍ᠷ ᠬᠤᠳᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ᠂ ᠠᠭ᠋ᠠᠷ᠎ᠤᠨ ᠭᠠᠯ ᠰᠡᠷᠭᠡᠶ᠋ᠢᠯᠡᠬᠦ ᠰᠠᠭᠤᠷᠢᠨ ᠪᠣᠯᠤᠨ ᠨᠢᠰᠬᠡᠯ᠎ᠤᠨ ᠲᠠᠯ᠎ᠠ ᠵᠢᠨ ᠬᠠᠮᠢᠶ᠎ᠠ ᠪᠦᠬᠦᠢ ᠡᠯ᠎ᠡ ᠵᠦᠢ᠍ᠯ᠎ᠤᠨ ᠠᠵᠢᠯ᠎ᠢ ᠭᠦᠢ᠍ᠴᠡᠳ ᠨᠤᠲᠠᠯᠠᠵᠤ᠂ ᠠᠭ᠋ᠠᠷ᠎ᠤᠨ ᠭᠠᠯ ᠰᠡᠷᠭᠡᠶ᠋ᠢᠯᠡᠯᠲᠡ ᠵᠢᠨ ᠭᠠᠯ᠎ᠤᠨ ᠪᠠᠶ᠋ᠢᠳᠠᠯ᠎ᠢ ᠪᠠᠢ᠌ᠴᠠᠭ᠋ᠠᠬᠤ ᠪᠣᠯᠤᠨ ᠰᠢᠢ᠍ᠳᠪᠦᠷᠢᠯᠡᠬᠦ   ᠶᠠᠪᠤᠴᠠ᠎ᠳᠠᠬᠢ ᠳᠠᠪᠠᠭᠤᠯᠢᠭ᠎ᠢ ᠪᠠᠳᠠᠷᠠᠭᠤᠯᠵᠤ᠂ 2022 ᠣᠨ᠎ᠤ ᠠᠭ᠋ᠠᠷ᠎ᠤᠨ ᠭᠠᠯ ᠰᠡᠷᠭᠡᠶ᠋ᠢᠯᠡᠬᠦ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠵᠣᠷᠢᠭᠵᠢᠭᠤᠯᠪᠠ᠃



 

      ᠬᠤᠤ ᠶᠢᠩ ᠲᠣᠪᠴᠢᠶᠠᠨ ᠳᠠᠷᠤᠭ᠎ᠠ ᠱᠠᠭ᠋ᠠᠷᠳᠠᠭᠰᠠᠨ᠎ᠨᠢ᠂ ᠬᠥᠯᠥᠨ ᠪᠣᠶ᠋ᠢᠷ ᠬᠣᠲᠠ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ   ᠭᠤᠤᠯᠳᠠᠯᠭ᠎ᠠ᠎ᠲᠠᠢ ᠣᠷᠣᠨ ᠪᠣᠯᠤᠭᠰᠠᠨ᠎ᠤ ᠬᠤᠪᠢ᠎ᠳᠤ᠂ ᠭᠠᠯ᠎ᠢ ᠰᠡᠷᠭᠡᠢ᠌ᠯᠡᠬᠦ ᠬᠠᠷᠢᠭᠤᠴᠠᠯᠭ᠎ᠠ ᠦᠨᠳᠦᠷ ᠪᠠᠶ᠋ᠢᠵᠤ᠂ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠲᠤᠯᠭ᠋ᠠᠮᠲᠦ ᠴᠢᠨᠠᠷ᠂ ᠴᠢᠬᠤᠯᠠ ᠴᠢᠨᠠᠷ᠂ ᠬᠦᠴᠢᠷᠳᠡᠯᠳᠦ ᠴᠢᠨᠠᠷ᠎ᠢ ᠬᠦᠢ᠍ᠴᠡᠳ ᠲᠠᠨᠢᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠲᠤᠯᠭ᠋ᠠᠮ᠎ᠠ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠥᠯᠥᠨ ᠪᠣᠶ᠋ᠢᠷ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠠᠮᠤᠷ ᠲᠦᠪᠰᠢᠨ ᠪᠠ ᠠᠮᠢ ᠠᠬᠤᠶ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠤᠷᠤᠭᠰᠢᠳᠠᠢ ᠬᠤᠷᠠᠯᠳᠤᠬᠤ᠎ᠳᠤ ᠠᠮᠤᠷ ᠲᠤᠭᠲᠠᠭᠤᠨ ᠤᠷᠴᠢᠨ ᠠᠬᠤᠢ ᠵᠢ ᠬᠠᠩᠭ᠋ᠠᠨ᠎ᠠ᠃ ᠠᠭ᠋ᠠᠷ᠎ᠤᠨ ᠭᠠᠯ ᠰᠡᠷᠭᠡᠶ᠋ᠢᠯᠡᠬᠦ ᠨᠢᠭᠡᠳᠦᠭᠡᠷ ᠹᠷᠣᠨᠲ᠎ᠤᠨ ᠠᠵᠢᠯᠲᠠᠳ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ ᠵᠶ᠋ᠠᠨ ᠳᠡᠭᠡᠭᠰᠢᠯᠡᠭᠦᠯᠵᠦ᠂ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ ᠪᠠᠷᠢᠮᠵᠢᠶ᠎ᠠ᠎ᠠᠴᠠ ᠬᠡᠲᠦᠷᠡᠭᠦᠯᠦᠨ ᠠᠵᠢᠯᠯᠠᠭᠤᠯᠬᠤ ᠵᠢ ᠴᠢᠩᠭ᠎ᠠ ᠴᠠᠭ᠋ᠠᠵᠠᠯᠠᠵᠤ᠂ ᠬᠢᠷᠢ ᠲᠡᠩᠴᠡᠭᠰᠡᠨ ᠬᠣᠰᠢᠭᠤᠴᠢ ᠡᠩᠨᠡᠭᠡ ᠪᠣᠯᠬᠤ ᠬᠡᠷᠡᠭᠲᠡᠶ᠃ ᠠᠭ᠋ᠠᠷ᠎ᠤᠨ ᠭᠠᠯ ᠰᠡᠷᠭᠡᠢ᠌ᠯᠡᠯᠳᠡ ᠵᠢᠨ ᠠᠵᠢᠯ᠎ᠤᠨ ᠲᠥᠯᠥᠪᠯᠡᠭᠡ᠎ᠪᠠᠨ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠎ᠪᠠᠷ ᠲᠣᠬᠢᠷᠠᠭᠤᠯᠵᠤ᠂ ᠭᠠᠯ᠎ᠤᠨ ᠳᠡᠰ ᠦᠨᠳᠦᠷ ᠴᠠᠭ ᠬᠤᠭᠤᠴᠠᠭ᠋ᠠᠨ᠎ᠳᠤ ᠠᠭ᠋ᠠᠷ᠎ᠤᠨ ᠲᠤᠭᠤᠷᠢᠨ ᠬᠠᠮᠠᠭ᠋ᠠᠯᠠᠯᠳᠠ ᠵᠢ ᠪᠠᠲᠤᠯᠠᠬᠤ ᠬᠡᠷᠡᠭᠲᠡᠶ᠃ ᠠᠭ᠋ᠠᠷ ᠠᠶᠠᠯᠠᠯ᠎ᠤᠨ ᠳᠤᠭᠤᠶ᠋ᠢᠯᠠᠩ᠎ᠤᠨ ᠠᠵᠢᠯᠲᠠᠳ ᠠᠮᠤᠷ ᠲᠦᠪᠰᠢᠨ᠎ᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠮᠤᠷ ᠲᠦᠪᠰᠢᠨ᠎ᠤ ᠬᠤᠷᠢᠭ᠎ᠠ ᠵᠢ ᠴᠢᠩᠭ᠎ᠠ ᠰᠠᠬᠢᠵᠤ᠂ ᠠᠮᠤᠷ ᠲᠦᠪᠰᠢᠨ᠎ᠤ ᠬᠡᠮ ᠰᠣᠭᠣᠭ᠎ᠢ ᠠᠷᠢᠯᠭ᠋ᠠᠵᠤ᠂ ᠪᠡᠯᠡᠳᠬᠡᠯ ᠠᠵᠢᠯ᠎ᠢ ᠰᠠᠢ᠌ᠲᠤᠷ ᠬᠢᠵᠦ᠂ ᠣᠪᠣᠷ ᠰᠤᠷᠲᠠᠯ ᠲᠥᠪ ᠴᠢᠩᠭ᠎ᠠ᠂ ᠠᠵᠢᠯᠯᠠᠭ᠎ᠠ ᠵᠢᠷᠤᠮᠵᠢᠯ᠎ᠲᠠᠢ᠎ᠪᠠᠷ ᠠᠭ᠋ᠠᠷ᠎ᠤᠨ ᠰᠡᠷᠭᠡᠢ᠌ᠯᠡᠯᠳᠠ ᠵᠢᠨ ᠠᠵᠢᠯ᠎ᠤᠨ ᠶᠠᠪᠤᠴᠠ᠎ᠳᠤ ᠠᠮᠤᠷ ᠲᠦᠪᠰᠢᠨ ᠵᠶ᠋ᠠᠨ ᠪᠠᠲᠤᠯᠠᠬᠤ ᠬᠡᠷᠡᠭᠲᠡᠶ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠤᠮᠠᠷᠠᠲᠤ ᠵᠢᠨ ᠤᠢ᠌ᠲᠦ ᠤᠷᠤᠨ
ᠲᠦᠩᠯᠢᠶᠣᠣ ᠬᠤᠲᠠ ᠵᠢᠨ ᠪᠤᠭᠤᠮᠲᠠ ᠵᠢᠨ ᠭᠠᠳᠠᠨᠠᠬᠢ ᠤᠯᠠᠭ᠋ᠠᠨ ᠠᠯᠮᠤᠷᠠᠳ᠎ᠤᠨ ᠣᠶ ᠰᠢᠭᠤᠢ ᠵᠢᠨ ᠭᠡᠷᠡᠴᠢᠯᠡᠯ᠎ᠤᠨ ᠰᠠᠭᠤᠷᠢᠨ᠎ᠨᠢ ᠤᠯᠤᠰ᠎ᠤᠨ ᠲᠠᠰ᠎ᠤᠨ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠵᠢᠨ ᠴᠡᠭ ᠵᠶ᠋ᠠᠷ ᠰᠤᠩᠭᠤᠬᠳᠠᠯ᠎ᠠ
ᠠᠮᠢ ᠠᠬᠤᠢ ᠵᠢᠨ ᠬᠠᠮᠠᠭ᠋ᠠᠯᠠᠯᠲᠠ ᠪᠠ ᠪᠠᠢ᠌ᠭᠤᠯᠤᠯᠲᠠ ᠵᠢ ᠲᠡᠷᠢᠬᠦᠨ ᠪᠠᠢ᠌ᠷᠢᠨ᠎ᠳᠤ ᠲᠠᠯᠪᠢᠵᠦ᠂ ᠮᠠᠯ ᠲᠠᠷᠢᠶᠠᠯᠠᠩ᠎ᠤᠨ ᠠᠵᠦ ᠦᠢ᠍ᠯᠡᠰᠵᠢᠬᠦᠯᠦᠯᠲᠠ ᠵᠢ ᠬᠦᠴᠦᠯᠡᠨ ᠠᠬᠢᠭᠤᠯᠤᠨ᠂ ᠠᠷᠠᠳ ᠲᠦᠮᠡᠨ ᠵᠣᠯ ᠵᠢᠷᠭ᠋ᠠᠯᠲᠠᠢ ᠱᠣᠣ ᠪᠠᠯᠭ᠋ᠠᠰᠤ ᠵᠢ ᠪᠦᠳᠦᠭᠡᠨ ᠪᠠᠢ᠌ᠭᠤᠯᠤᠨ᠎ᠠ
ᠠᠮᠤᠷ᠎ᠤᠨ ᠬᠦᠳᠡᠷᠢ ᠵᠢᠨ ᠳᠠᠪᠠᠭ᠎ᠠ ᠵᠢᠨ ᠴᠢᠭᠢᠭᠯᠢᠭ ᠭᠠᠵᠠᠷ
ᠮᠠᠨ᠎ᠤ ᠤᠯᠤᠰ᠎ᠤᠨ ᠴᠢᠪᠠᠭ᠎ᠠ ᠵᠢᠨ ᠠᠵᠤ ᠦᠢ᠍ᠯᠡᠰ᠎ᠤᠨ ᠤᠳᠤᠬᠠᠨ᠎ᠤ ᠪᠠᠢ᠌ᠳᠠᠯ
 
             蒙ICP备05000248号