ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠳᠠᠴᠢᠨᠲᠠᠯ᠎ᠠ ᠵᠡᠭᠡᠯᠢ ᠭᠤᠳᠤᠮᠵᠢ ᠲᠡᠷᠭᠡᠨ ᠵᠣᠭᠰᠣᠭ᠋ᠠᠯ᠎ᠤᠨ ᠱᠤᠭᠤᠮ ᠪᠠ ᠭᠠᠯ ᠤᠨᠲᠠᠷᠠᠭ᠋ᠠᠬᠤ ᠨᠡᠪᠲᠡᠷᠡᠬᠦ ᠵᠠᠮ᠎ᠤᠨ ᠢᠯᠭ᠋ᠠᠬᠤ ᠱᠤᠭᠤᠮ ᠵᠢᠷᠤᠬᠤ ᠠᠵᠢᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2022-08-05

      ᠪᠣᠯᠪᠠᠰᠤᠨ ᠬᠤᠲᠠ ᠵᠢ ᠡᠭᠦᠳᠦᠨ ᠪᠠᠶ᠋ᠢᠭᠤᠯᠬᠤ᠎ᠳᠤ ᠬᠦᠴᠦᠨ ᠨᠡᠮᠡᠷᠢᠯᠡᠵᠦ᠂ ᠵᠢᠵᠢᠭ ᠲᠣᠭᠤᠷᠢᠭ᠎ᠤᠨ ᠳᠣᠲᠣᠷᠠᠬᠢ ᠮᠠᠰᠢᠨ ᠲᠡᠷᠭᠡ᠂ ᠮᠠᠰᠢᠨᠲᠤ ᠪᠤᠰᠤ ᠲᠡᠷᠭᠡ ᠵᠢ ᠳᠤᠷ᠎ᠠ᠎ᠪᠠᠷ ᠵᠶ᠋ᠠᠨ ᠵᠣᠭᠰᠣᠭ᠋ᠠᠵᠤ ᠳᠤᠷ᠎ᠠ᠎ᠪᠠᠷ ᠵᠶ᠋ᠠᠨ ᠲᠠᠯᠪᠢᠬᠤ ᠦᠵᠡᠭᠳᠡᠯ᠎ᠢ ᠰᠢᠢ᠍ᠳᠪᠦᠷᠢᠯᠡᠬᠦ ᠵᠢᠨ ᠲᠥᠯᠥᠭᠡ᠂ ᠳᠠᠴᠢᠨᠲᠠᠯ᠎ᠠ ᠵᠡᠭᠡᠯᠢ ᠭᠤᠳᠤᠮᠵᠢ᠎ᠠᠴᠠ ᠠᠳᠠᠯ ᠠᠬᠤᠶ ᠵᠢᠨ ᠥᠪᠡᠰᠦᠪᠡᠨ ᠬᠠᠮᠢᠶᠠᠷᠬᠤ ᠵᠢᠵᠢᠭ ᠲᠣᠭᠤᠷᠢᠭ᠎ᠲᠤ ᠲᠡᠷᠭᠡ ᠵᠣᠭᠰᠣᠬᠤ ᠱᠤᠭᠤᠮ ᠪᠠ ᠭᠠᠯ ᠤᠨᠲᠠᠷᠠᠭ᠋ᠠᠬᠤ ᠨᠡᠪᠲᠡᠷᠡᠬᠦ ᠵᠠᠮ᠎ᠤᠨ ᠢᠯᠭ᠋ᠠᠬᠤ ᠱᠤᠭᠤᠮ᠎ᠢ ᠵᠢᠷᠤᠵᠤ᠂ ᠲᠡᠷᠭᠡ ᠬᠥᠰᠬᠡ ᠵᠢ ᠳᠤᠷ᠎ᠠ᠎ᠪᠠᠷ ᠵᠶ᠋ᠠᠨ ᠵᠣᠭᠰᠣᠭ᠋ᠠᠵᠤ ᠳᠤᠷ᠎ᠠ᠎ᠪᠠᠷ ᠵᠶ᠋ᠠᠨ ᠲᠠᠯᠪᠢᠬᠤ᠂ ᠲᠡᠷᠭᠡ ᠵᠣᠭᠰᠣᠭ᠋ᠠᠬᠤ᠎ᠳᠤ ᠬᠦᠴᠢᠷᠲᠡᠶ ᠪᠠᠶ᠋ᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠨᠠᠮᠳᠠᠭᠤᠯᠵᠤ᠂ ᠰᠠᠭᠤᠭ᠋ᠠᠯᠢ ᠠᠷᠠᠳ᠎ᠲᠤ ᠠᠮᠢᠳᠤᠷᠠᠯ᠎ᠤᠨ ᠲᠥᠬᠦᠮ ᠨᠥᠬᠦᠴᠡᠯ ᠬᠠᠩᠭ᠋ᠠᠪᠠ᠃



      ᠳᠠᠴᠢᠨᠲᠠᠯ᠎ᠠ ᠵᠡᠭᠡᠯᠢ ᠭᠤᠳᠤᠮᠵᠢ ᠡᠮᠦᠨᠡᠬᠢ ᠬᠤᠭᠤᠴᠠᠭ᠋ᠠᠨ᠎ᠤ ᠡᠯ᠎ᠡ ᠰᠠᠭᠤᠭ᠋ᠠᠯᠢ ᠠᠷᠠᠳ᠎ᠤᠨ ᠲᠣᠭᠤᠷᠢᠭ᠎ᠤᠨ ᠲᠡᠷᠭᠡ ᠵᠣᠭᠰᠣᠵᠤ ᠪᠠᠶ᠋ᠢᠭ᠎ᠠ ᠪᠠᠶ᠋ᠢᠳᠠᠯ᠎ᠢ ᠪᠦᠬᠦ ᠲᠠᠯ᠎ᠠ᠎ᠪᠠᠷ ᠣᠶ᠋ᠢᠯᠠᠭ᠋ᠠᠵᠤ᠂ 《ᠵᠢᠷᠤᠭ᠋ᠠᠰᠤ ᠵᠢᠷᠤᠬᠤ᠂ ᠵᠢᠷᠤᠮᠵᠢᠭᠤᠯᠬᠤ》 ᠠᠷᠭ᠎ᠠ ᠮᠠᠶᠢᠭ᠂ ᠲᠤᠬᠠᠶ ᠵᠢᠨ ᠭᠠᠵᠠᠷ᠎ᠲᠤᠨᠢ ᠲᠣᠬᠢᠷᠠᠭᠤᠯᠤᠨ ᠪᠠᠶ᠋ᠢᠴᠠᠭ᠋ᠠᠨ ᠦᠵᠡᠬᠦ᠂ ᠵᠦᠢ ᠵᠣᠬᠢᠰᠲᠠᠶ ᠬᠤᠪᠢᠶᠠᠷᠢᠯᠠᠨ ᠬᠡᠷᠡᠭᠵᠢᠭᠦᠯᠬᠦ ᠪᠠᠷᠢᠮᠵᠢᠶ᠎ᠠ ᠵᠢ ᠰᠤᠳᠤᠯᠤᠨ ᠲᠤᠭᠲᠠᠭ᠋ᠠᠵᠤ᠂ ᠬᠠᠭᠤᠴᠢᠨ᠂ ᠨᠢᠭᠡᠨᠲᠡ ᠪᠠᠯᠠᠷᠬᠠᠶ ᠪᠣᠯᠤᠭᠰᠠᠨ ᠲᠡᠷᠭᠡᠨ ᠵᠣᠭᠰᠣᠭ᠋ᠠᠯ ᠪᠠ ᠭᠠᠯ ᠤᠨᠲᠠᠷᠠᠭ᠋ᠠᠬᠤ ᠵᠠᠮ᠎ᠤᠨ ᠲᠡᠮᠳᠡᠭ ᠱᠤᠭᠤᠮ᠎ᠢ ᠳᠠᠬᠢᠨ ᠨᠥᠬᠦᠵᠦ ᠵᠢᠷᠤᠪᠠ᠂ ᠠᠰᠢᠭᠯᠠᠮᠵᠢ ᠵᠢ ᠳᠡᠭᠡᠭᠰᠢᠯᠡᠭᠦᠯᠬᠦ᠂ ᠣᠷᠣᠰᠢᠨ ᠰᠠᠭᠤᠬᠤ ᠣᠷᠴᠢᠨ ᠲᠣᠭᠤᠷᠢᠨ᠎ᠢ ᠰᠠᠶ᠋ᠢᠵᠢᠷᠠᠭᠤᠯᠬᠤ ᠵᠢᠨ ᠬᠠᠮᠲᠤ᠂ ᠪᠣᠯᠪᠠᠰᠤᠨ ᠬᠤᠳᠠ ᠪᠠᠶ᠋ᠢᠭᠤᠯᠬᠤ᠎ᠳᠤ 《ᠦᠵᠡᠮᠵᠢ ᠵᠢᠨ ᠣᠷᠣᠨ》 ᠨᠡᠮᠡᠷᠢᠯᠡᠪᠡ᠃ ᠲᠠᠷᠠᠭ᠋ᠠᠴᠢ ᠵᠢᠨ ᠠᠯᠬᠤᠮ᠎ᠳᠤ᠂ ᠵᠡᠭᠡᠯᠢ ᠭᠤᠳᠤᠮᠵᠢ ᠨᠡᠶ᠋ᠢᠭᠡᠮ ᠲᠣᠭᠤᠷᠢᠭ ᠤᠬᠠᠭᠤᠯᠭ᠎ᠠ ᠵᠢᠨ ᠠᠵᠢᠯ᠎ᠤᠨ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠰᠠᠭᠤᠭ᠋ᠠᠯᠢ ᠠᠷᠠᠳ᠎ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶ᠋ᠢᠭ᠋ᠠᠳ ᠲᠡᠷᠭᠡ ᠵᠤᠭᠰᠤᠭ᠋ᠠᠬᠤ ᠰᠠᠶ᠋ᠢᠨ ᠰᠠᠶ᠋ᠢᠬᠠᠨ ᠳᠠᠳᠬᠠᠯ᠎ᠲᠠᠢ ᠪᠣᠯᠭ᠋ᠠᠵᠤ᠂ ᠰᠠᠭᠤᠭ᠋ᠠᠯᠢ ᠠᠷᠠᠳ᠎ᠤᠨ ᠲᠣᠭᠤᠷᠢᠭ᠎ᠤᠨ ᠲᠡᠷᠭᠡ ᠵᠣᠭᠰᠣᠬᠤ ᠡᠮᠬᠢ ᠳᠢᠭᠯᠢᠮ᠎ᠤᠨ ᠵᠢᠷᠤᠮᠵᠢᠯ᠎ᠢ ᠦᠨᠡᠨ ᠬᠦ᠌ ᠪᠠᠲᠤᠯᠠᠵᠤ᠂ ᠪᠣᠯᠪᠠᠰᠤᠨ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢ ᠬᠠᠮᠲᠤ᠎ᠪᠠᠷ ᠬᠦᠴᠦᠨ ᠨᠡᠮᠡᠷᠢᠯᠡᠨ᠎ᠡ᠃
   

ᠢᠷᠡᠯᠲᠡ᠄ ᠨᠠᠢ᠍ᠮᠠᠨ ᠬᠤᠰᠢᠭᠤᠨ᠎ᠤ ᠬᠠᠮ ᠵᠠᠭᠤᠴᠢᠯᠠᠭᠤᠷ᠎ᠤᠨ ᠲᠥᠪ
          
ᠬᠠᠮᠢᠶ᠎ᠡ ᠪᠦᠬᠦᠢ ᠰᠣᠨᠢᠨ
ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠤᠢ᠌ᠯᠠᠭ᠋ᠠᠭᠳᠠᠬᠤᠨ᠎ᠤ ᠠᠭᠤᠰᠤᠯᠴᠠᠯ᠎ᠢ ᠠᠬᠢᠭᠤᠯᠪᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠤᠰᠬᠠᠶ ᠲᠤᠰᠢᠶᠠᠯᠲᠠᠨ᠎ᠤ ᠠᠯᠪᠠᠨ ᠬᠡᠷ᠎ᠤᠨ ᠵᠧᠤ ᠳ᠋ᠡ ᠯᠦ᠍ ᠨᠡᠷ ᠤᠯᠠᠭ᠋ᠠᠨᠬᠠᠳᠠ᠎ᠳᠤ ᠬᠦᠷᠴᠦ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠢ ᠪᠠᠶ᠋ᠢᠴᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠬᠤᠤ ᠶᠢᠩ ᠬᠥᠯᠥᠨ ᠪᠣᠶ᠋ᠢᠷ ᠬᠣᠲᠠ᠎ᠳᠤ ᠬᠦᠷᠴᠦ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠠᠵᠢᠯ᠎ᠢ ᠪᠠᠶ᠋ᠢᠴᠠᠭ᠋ᠠᠨ ᠵᠢᠯᠣᠭᠣᠳᠪᠠ
ᠳᠤᠮᠳᠠᠳᠤ ᠤᠯᠤᠰ᠎ᠤᠨ ᠤᠮᠠᠷᠠᠲᠤ ᠵᠢᠨ ᠤᠢ᠌ᠲᠦ ᠤᠷᠤᠨ
ᠲᠦᠩᠯᠢᠶᠣᠣ ᠬᠤᠲᠠ ᠵᠢᠨ ᠪᠤᠭᠤᠮᠲᠠ ᠵᠢᠨ ᠭᠠᠳᠠᠨᠠᠬᠢ ᠤᠯᠠᠭ᠋ᠠᠨ ᠠᠯᠮᠤᠷᠠᠳ᠎ᠤᠨ ᠣᠶ ᠰᠢᠭᠤᠢ ᠵᠢᠨ ᠭᠡᠷᠡᠴᠢᠯᠡᠯ᠎ᠤᠨ ᠰᠠᠭᠤᠷᠢᠨ᠎ᠨᠢ ᠤᠯᠤᠰ᠎ᠤᠨ ᠲᠠᠰ᠎ᠤᠨ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠵᠢᠨ ᠴᠡᠭ ᠵᠶ᠋ᠠᠷ ᠰᠤᠩᠭᠤᠬᠳᠠᠯ᠎ᠠ
 
             蒙ICP备05000248号