ᠠᠮᠢ ᠠᠬᠤᠢ ᠵᠢᠨ ᠬᠠᠮᠠᠭ᠋ᠠᠯᠠᠯᠲᠠ ᠪᠠ ᠪᠠᠢ᠌ᠭᠤᠯᠤᠯᠲᠠ ᠵᠢ ᠲᠡᠷᠢᠬᠦᠨ ᠪᠠᠢ᠌ᠷᠢᠨ᠎ᠳᠤ ᠲᠠᠯᠪᠢᠵᠦ᠂ ᠮᠠᠯ ᠲᠠᠷᠢᠶᠠᠯᠠᠩ᠎ᠤᠨ ᠠᠵᠦ ᠦᠢ᠍ᠯᠡᠰᠵᠢᠬᠦᠯᠦᠯᠲᠠ ᠵᠢ ᠬᠦᠴᠦᠯᠡᠨ ᠠᠬᠢᠭᠤᠯᠤᠨ᠂ ᠠᠷᠠᠳ ᠲᠦᠮᠡᠨ ᠵᠣᠯ ᠵᠢᠷᠭ᠋ᠠᠯ᠎ᠲᠠᠢ ᠱᠣᠣ ᠪᠠᠯᠭ᠋ᠠᠰᠤ ᠵᠢ ᠪᠦᠳᠦᠭᠡᠨ ᠪᠠᠢ᠌ᠭᠤᠯᠤᠨ᠎ᠠ
— ᠱᠣᠣ ᠪᠠᠯᠭ᠋ᠠᠰᠤ ᠵᠢᠨ ᠨᠠᠮ᠎ᠤᠨ ᠬᠣᠷᠢᠶ᠎ᠠ ᠵᠢᠨ ᠱᠦᠵᠢ ᠴᠢᠯᠠᠭᠤᠨᠪᠠᠭ᠋ᠠᠨᠠ
ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠮᠣᠷᠳᠠᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠵᠢᠨ ᠴᠠᠭ ᠮᠥᠴᠡ᠎ᠳᠤ ᠬᠤᠷᠠᠯᠳᠤᠭᠰᠠᠨ ᠨᠢᠭᠡ ᠤᠳᠠᠭ᠋ᠠᠨ᠎ᠤ ᠲᠤᠶ᠋ᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠨᠢᠭᠡ ᠤᠳᠠᠭ᠎ᠠ ᠵᠢᠨ ᠲᠤᠮᠲᠠᠲᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠭ ᠵᠶ᠋ᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠵᠶ᠋ᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠬᠡ ᠬᠤᠷᠠᠯ ᠪᠣᠯᠤᠨ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠬᠢᠭᠰᠡᠨ ᠢᠯᠡᠳᠬᠡᠯ ᠪᠣᠯ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠤᠯᠤᠰ ᠲᠦᠷᠦ ᠵᠢᠨ ᠲᠤᠩᠬᠠᠭ ᠪᠣᠯᠤᠨ᠎ᠠ᠂ ᠮᠥᠨᠴᠦ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠠᠵᠢᠯᠯᠠᠭ᠋ᠠᠨ᠎ᠤ ᠬᠥᠲᠥᠯᠪᠦᠷᠢ ᠪᠣᠯᠤᠨ᠎ᠠ᠃
ᠮᠠᠨ᠎ᠤ ᠱᠤᠤ ᠪᠠᠯᠭ᠋ᠠᠰᠤ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠠᠵᠢᠯ᠎ᠤᠨ ᠭᠣᠤᠯᠳᠠᠯᠭ᠎ᠠ᠎ᠪᠠᠨ ᠪᠣᠯᠭ᠋ᠠᠵᠤ᠂ ᠤᠳᠤᠷᠢᠳᠬᠤ ᠺᠠᠳ᠋ᠷ ᠲᠦᠷᠦᠬᠦᠯᠡᠨ ᠰᠤᠷᠤᠯᠴᠠᠵᠦ᠂ ᠨᠠᠮ᠎ᠤᠨ ᠡᠭᠦᠷ᠎ᠤᠨ ᠭᠣᠣᠯ ᠰᠠᠳᠤᠪ᠎ᠲᠤ ᠰᠤᠷᠤᠯᠴᠠᠯᠭ᠎ᠠ ᠵᠢᠨ ᠭᠣᠣᠯ ᠰᠡᠳᠤᠪ ᠪᠣᠯᠭ᠋ᠠᠵᠤ᠂ ᠪᠥᠬᠥ ᠨᠠᠮ᠎ᠤᠨ ᠭᠡᠰᠢᠬᠦᠨ ᠺᠠᠳ᠋ᠷ ᠪᠥᠬᠥᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠣᠷᠣᠯᠴᠠᠨ ᠡᠵᠡᠮᠰᠢᠵᠦ᠂ ᠡᠯ᠎ᠡ ᠲᠠᠯ᠎ᠠ ᠵᠢᠨ ᠠᠵᠢᠯ ᠵᠶ᠋ᠠᠨ ᠲᠦᠯᠬᠢᠨ ᠠᠬᠢᠭᠤᠯᠬᠤ ᠶᠠᠪᠤᠴᠠ ᠪᠤᠯᠭ᠋ᠠᠨ᠎ᠳᠤ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠰᠢᠨ᠎ᠡ ᠴᠠᠭ ᠦᠶ᠎ᠡ ᠵᠢᠨ ᠰᠢᠨ᠎ᠡ ᠠᠮᠵᠢᠯᠲᠠ ᠵᠢ ᠣᠯᠬᠤ᠎ᠪᠠᠷ ᠴᠢᠷᠮᠠᠢ᠌ᠨ᠎ᠠ᠃ ᠲᠠᠷᠠᠭ᠋ᠠᠴᠢ ᠵᠢᠨ ᠠᠵᠢᠯ᠎ᠤᠨ ᠲᠤᠮᠲᠠ᠂ ᠬᠥᠳᠡᠭᠡ ᠲᠣᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠲᠣᠭᠣᠷᠢᠨ᠎ᠳᠤ ᠠᠮᠢ ᠠᠬᠤᠢ ᠵᠢᠨ ᠬᠠᠮᠠᠭ᠋ᠠᠯᠠᠯᠲᠠ ᠪᠠ ᠪᠠᠢ᠌ᠭᠤᠯᠤᠯᠲᠠ ᠵᠢ ᠲᠡᠷᠢᠬᠦᠨ ᠪᠠᠢ᠌ᠷᠢᠨ᠎ᠳᠤ ᠲᠠᠯᠪᠢᠵᠦ᠂ ᠮᠠᠯ ᠲᠠᠷᠢᠶᠠᠯᠠᠩ᠎ᠤᠨ ᠠᠵᠦ ᠦᠢ᠍ᠯᠡᠰᠵᠢᠬᠦᠯᠦᠯᠲᠠ ᠵᠢ ᠬᠦᠴᠦᠯᠡᠨ ᠠᠬᠢᠭᠤᠯᠵᠦ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠯᠠᠪᠳᠠᠭᠤᠨ ᠵᠶ᠋ᠠᠷ ᠨᠡᠮᠡᠭᠳᠡᠭᠦᠯᠵᠦ᠂ ᠨᠡᠢ᠌ᠭᠡᠮ᠎ᠤᠨ ᠲᠤᠠᠠᠳᠠᠭᠤᠨ᠂ ᠨᠡᠢ᠌ᠲᠡ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠵᠦ᠂ ᠠᠮᠢ ᠠᠬᠤᠢ ᠭᠤᠢ᠌ᠳᠠ ᠰᠠᠢ᠌ᠬᠠᠨ᠂ ᠤᠷᠴᠢᠨ ᠲᠤᠭᠤᠷᠢᠨ ᠴᠡᠪᠡᠷ ᠲᠡᠭᠰᠢ᠂ ᠠᠵᠦ ᠠᠬᠤᠢ ᠬᠥᠭᠵᠢᠭᠰᠡᠨ᠂ ᠨᠡᠢ᠌ᠭᠡᠮ ᠡᠶ᠎ᠡ ᠵᠤᠬᠢᠴᠠᠩᠭᠤᠢ᠂ ᠠᠷᠠᠳ ᠲᠦᠮᠡᠨ ᠵᠣᠯ ᠵᠢᠷᠭ᠋ᠠᠯ᠎ᠲᠠᠢ ᠱᠣᠣ ᠪᠠᠯᠭ᠋ᠠᠰᠤ ᠵᠢ ᠪᠦᠳᠦᠭᠡᠨ ᠪᠠᠢ᠌ᠭᠤᠯᠬᠤ᠎ᠪᠠᠷ ᠴᠢᠷᠮᠠᠢ᠌ᠨ᠎ᠠ᠃
ᠡᠭᠦᠨ᠎ᠳᠤ ᠠᠵᠢᠯ᠎ᠤᠨ ᠭᠣᠣᠯ ᠰᠡᠳᠬᠢᠴᠡ ᠪᠣᠯ᠄
ᠨᠢᠭᠡ᠎ᠳᠤ᠂ ᠮᠠᠯ ᠲᠠᠷᠢᠶᠠᠯᠠᠩ ᠠᠵᠦ ᠦᠢ᠍ᠯᠡᠰᠵᠢᠬᠦᠯᠦᠯᠲᠠ ᠵᠢᠨ ᠲᠠᠯ᠎ᠠ᠎ᠪᠠᠷ᠄
ᠡᠪᠡᠰᠦᠨ᠎ᠤ ᠦᠢ᠍ᠯᠡᠰ᠎ᠢ ᠡᠮᠬᠢ ᠵᠢᠷᠤᠮ᠎ᠲᠠᠢ ᠭᠦᠭᠵᠢᠬᠦᠯᠵᠦ᠂ ᠲᠠᠷᠢᠮᠠᠯ ᠡᠪᠡᠰᠦ᠂ ᠨᠣᠭᠣᠭ᠋ᠠᠨ ᠪᠣᠷᠳᠣᠭ᠎ᠠ ᠵᠢᠨ ᠲᠠᠪᠠᠭᠤᠯᠢᠭ ᠣᠨᠴᠠᠯᠢᠭ᠎ᠪᠠᠨ ᠪᠠᠳᠠᠷᠠᠭᠤᠯᠤᠨ᠂ ᠮᠠᠯ ᠲᠠᠷᠢᠶᠠᠯᠠᠩ ᠡᠪᠡᠰᠦ ᠵᠢ ᠨᠢᠭᠡ ᠴᠤᠠᠠᠴᠠᠵᠢᠭᠤᠯᠵᠦ᠂ ᠬᠠᠷᠢᠯᠴᠠᠨ ᠠᠬᠢᠭᠤᠯᠵᠦ᠂ ᠴᠢᠨᠠᠷ ᠰᠠᠢ᠌ᠳᠠᠢ ᠬᠥᠭᠵᠢᠯᠲᠡ ᠵᠢ ᠪᠠᠳᠤᠯᠠᠬᠤ᠎ᠪᠠᠷ ᠴᠢᠷᠮᠠᠢ᠌ᠨ᠎ᠠ᠃ ᠪᠤᠳᠠᠳᠠᠢ᠎ᠪᠠᠷ ᠬᠡᠯᠡᠪᠡᠯ᠄ 《ᠴᠢᠨᠠᠷ ᠰᠠᠢ᠌ᠨ ᠡᠪᠡᠰᠤ ᠲᠠᠷᠢᠬᠤ》 ᠵᠢᠨ ᠲᠣᠭᠣᠷᠢᠨ᠎ᠳᠤ᠂ ᠡᠪᠡᠰᠦᠨ᠎ᠤ ᠦᠢ᠍ᠯᠡᠰ᠎ᠤᠨ ᠡᠳ᠋ᠰᠢᠯᠡᠬᠦᠯᠬᠦ᠂ ᠬᠠᠩᠭ᠋ᠠᠨ ᠪᠣᠷᠣᠯᠠᠭᠤᠯᠬᠤ᠂ ᠭᠡᠷᠡᠯ ᠢᠯᠴᠢ᠎ᠪᠠᠷ ᠬᠠᠳᠠᠭ᠋ᠠᠬᠤ ᠵᠡᠷᠭᠡ ᠡᠯ᠎ᠡ ᠬᠡᠯᠬᠢᠶᠡᠰᠦ ᠵᠢᠨ ᠲᠠᠯ᠎ᠠ᠎ᠪᠠᠷ ᠬᠦᠴᠦ ᠣᠷᠣᠭᠤᠯᠤᠨ᠂ ᠠᠵᠦ ᠦᠢ᠍ᠯᠡᠰ᠎ᠤᠨ ᠬᠡᠯᠬᠢᠶᠡᠰᠦ ᠵᠢ ᠤᠷᠳᠤᠳᠬᠠᠵᠦ᠂ ᠮᠠᠯᠴᠢᠨ ᠲᠠᠷᠢᠶᠠᠴᠢᠳ᠎ᠤᠨ ᠠᠰᠢᠭ ᠤᠷᠤᠯᠭ᠎ᠠ ᠵᠢ ᠨᠡᠮᠡᠭᠳᠡᠬᠦᠯᠦᠨ᠎ᠡ᠃ 《ᠡᠭᠦᠯᠳᠡᠷ ᠰᠢᠯᠢᠳᠡᠭ ᠦᠭᠡᠷ ᠲᠡᠵᠢᠭᠡᠬᠦ》 ᠵᠢᠨ ᠲᠣᠭᠣᠷᠢᠨ᠎ᠳᠤ᠂ ᠠᠯᠠᠰᠢᠨ ᠦᠭᠡᠷ᠎ᠤᠨ ᠠᠵᠦ ᠦᠢ᠍ᠯᠡᠰ᠎ᠤᠨ ᠬᠥᠭᠵᠢᠯᠲᠡ ᠵᠢ ᠬᠦᠨᠵᠡᠭᠡᠢ ᠲᠦᠯᠬᠢᠨ ᠠᠬᠢᠭᠤᠯᠵᠦ᠂ ᠪᠡᠯᠡ ᠮᠦᠩᠬᠦ᠂ ᠦᠢ᠍ᠯᠡᠴᠢᠯᠡᠭᠡ᠂ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠵᠡᠷᠭᠡ ᠪᠠᠳᠤᠯᠠᠭ᠎ᠠ ᠵᠢᠨ ᠰᠢᠰᠲᠸᠮᠵᠢ ᠵᠢ ᠪᠦᠷᠢᠨᠰᠢᠬᠦᠯᠦᠨ ᠲᠡᠭᠦᠯᠳᠡᠷᠵᠢᠬᠦᠯᠵᠦ᠂ ᠠᠯᠠᠰᠢᠨ ᠦᠭᠡᠷ᠎ᠤᠨ ᠦᠢ᠍ᠯᠡᠰ᠎ᠤᠨ ᠨᠡᠩ ᠢᠯᠡᠭᠦᠤ ᠦᠷ᠎ᠡ ᠠᠰᠢᠭ᠎ᠢ ᠡᠭᠦᠳᠬᠦ᠎ᠪᠠᠷ ᠬᠦᠴᠦᠯᠡᠨ ᠴᠢᠷᠮᠠᠢ᠌ᠨ᠎ᠠ᠃ 《ᠥᠨᠳᠥᠷ ᠤᠨᠠᠯᠲᠠ᠎ᠲᠠᠢ ᠲᠠᠷᠢᠶ᠎ᠠ ᠲᠠᠷᠢᠬᠤ》 ᠵᠢᠨ ᠲᠣᠭᠣᠷᠢᠨ᠎ᠳᠤ᠂ ᠥᠨᠳᠥᠷ ᠪᠦᠳᠤᠮᠵᠢᠲᠠᠢ ᠤᠰᠤ ᠠᠷᠪᠢᠯᠠᠬᠤ᠎ᠪᠠᠷ ᠭᠣᠣᠯᠳᠠᠯᠭ᠎ᠠ ᠪᠤᠯᠭ᠋ᠠᠠᠠᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠨ᠂ ᠡᠨᠡ ᠵᠢᠯ᠎ᠤᠨ 2.4 ᠲᠦᠮᠡᠨ ᠮᠤ᠌ ᠥᠨᠳᠥᠷ ᠪᠠᠷᠢᠮᠵᠢᠶᠠᠲᠤ ᠲᠠᠷᠢᠶᠠᠯᠠᠩ᠎ᠤᠨ ᠲᠥᠷᠥᠯ ᠵᠦᠢ᠍ᠯ᠎ᠢ ᠪᠡᠶᠡᠯᠡᠭᠦᠯᠦᠭᠰᠡᠨ ᠰᠠᠭᠤᠷᠢᠨ ᠲᠡᠭᠡᠷ᠎ᠡ᠂ ᠲᠠᠷᠠᠭ᠎ᠠ ᠵᠢᠯ ᠲᠠᠬᠢᠨ 2 ᠲᠦᠮᠡᠨ ᠮᠤ᠌ ᠵᠢᠨ ᠲᠥᠷᠥᠯ ᠵᠦᠢ᠍ᠯ᠎ᠢ ᠡᠷᠡᠮᠡᠯᠵᠢᠯᠡᠨ ᠬᠦᠢ᠍ᠴᠡᠳᠭᠡᠨ᠎ᠡ᠃ ᠮᠠᠯᠴᠢᠨ ᠲᠠᠷᠢᠶᠠᠴᠢᠨ᠎ᠤ ᠬᠣᠷᠰᠢᠶ᠎ᠠ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠡᠷᠭᠡ ᠡᠵᠡᠩᠨᠡᠯᠲᠠ ᠵᠢᠨ ᠬᠡᠯᠪᠡᠷᠢ ᠵᠢ ᠪᠦᠳᠤᠮᠵᠢᠲᠠᠢ᠎ᠪᠠᠷ ᠬᠦᠳᠦᠯᠦᠨ ᠪᠣᠢ᠌ᠵᠢᠭᠤᠯᠵᠤ᠂ ᠤᠯᠡᠨ ᠲᠦᠮᠡᠨ᠎ᠤ ᠣᠷᠣᠯᠭ᠎ᠠ ᠵᠢ ᠦᠨᠡᠨᠬᠦ ᠨᠡᠮᠡᠭᠳᠡᠬᠦᠯᠦᠨ᠎ᠡ᠃
ᠬ᠊ ᠊ᠣᠶᠠᠷᠲᠤ᠂ ᠠᠮᠢ ᠠᠬᠤᠢ ᠣᠷᠴᠢᠨ ᠲᠣᠭᠣᠷᠢᠨ᠎ᠤ ᠲᠠᠯ᠎ᠠ᠎ᠪᠠᠷ᠄
ᠪᠠᠢ᠌ᠭ᠋ᠠᠯᠢ ᠵᠢ ᠬᠦᠨᠳᠦᠳᠬᠡᠬᠦ᠂ ᠪᠠᠢ᠌ᠭ᠋ᠠᠯᠢ᠎ᠲᠠᠢ ᠵᠣᠬᠢᠴᠠᠬᠤ᠂ ᠪᠠᠢ᠌ᠭ᠋ᠠᠯᠢ ᠵᠢ ᠬᠠᠮᠠᠭ᠋ᠠᠯᠠᠬᠤ ᠵᠢ ᠪᠠᠷᠢᠮᠳᠠᠯᠠᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ᠂ ᠨᠠᠭᠤᠷ ᠪᠦᠷᠢᠲᠤ᠂ ᠡᠪᠡᠰᠦ ᠡᠯᠡᠰᠦ ᠵᠢ ᠨᠢᠭᠡ ᠴᠤᠠᠠᠴᠠᠵᠢᠭᠤᠯᠤᠠᠠᠰᠠᠨ ᠬᠠᠮᠠᠭ᠋ᠠᠯᠠᠬᠤ ᠪᠠ ᠰᠢᠰᠲ᠋ᠧᠮ᠎ᠲᠠᠢ᠎ᠪᠠᠷ ᠵᠠᠰᠠᠬᠤ ᠵᠢ ᠪᠠᠷᠢᠮᠳᠠᠯᠠᠵᠦ᠂ ᠠᠮᠢ ᠠᠬᠤᠢ ᠵᠢᠨ ᠰᠢᠰᠲ᠋ᠧᠮ᠎ᠤᠨ ᠶᠠᠰᠤ ᠴᠢᠨᠠᠷ ᠪᠣᠯᠣᠨ ᠲᠤᠠᠠᠳᠠᠪᠤᠷᠢ᠎ᠲᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠣᠰ ᠵᠢᠯ᠎ᠤᠨ ᠡᠴᠦᠰ ᠪᠣᠯᠲᠠᠯ᠎ᠠ ᠲᠤᠢ᠌ᠭ᠎ᠤᠨ ᠭᠣᠣᠯ᠎ᠤᠨ ᠬᠥᠪᠡᠭᠡᠨ᠎ᠤ ᠦᠶᠡᠷ᠎ᠤᠨ ᠬᠠᠰᠢᠯᠠᠭ᠎ᠠ ᠵᠢᠨ ᠲᠥᠷᠥᠯ ᠵᠦᠢ᠍ᠯ᠎ᠢ ᠪᠥᠬᠥᠨ᠎ᠢ ᠬᠢᠵᠦ ᠲᠠᠭᠤᠰᠬᠠᠨ᠎ᠠ᠃ ᠣᠷᠴᠢᠨ ᠲᠣᠭᠣᠷᠢᠨ᠎ᠤ ᠪᠤᠵᠠᠷ ᠪᠤᠬᠢᠷᠳᠤᠯ᠎ᠢ ᠴᠡᠭᠴᠡᠯᠡᠨ ᠵᠠᠰᠠᠬᠤ ᠡᠷᠴᠢᠮ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠵᠦ᠂ ᠠᠮᠢᠳᠤᠷᠠᠵᠦ ᠰᠠᠭᠤᠷᠢᠰᠢᠬᠤ᠎ᠳᠤ ᠲᠤᠬᠢᠷᠠᠮᠵᠢᠲᠠᠢ ᠴᠡᠪᠡᠷ ᠴᠡᠮᠴᠡᠭᠡᠷ ᠣᠷᠴᠢᠨ ᠲᠣᠭᠣᠷᠢᠨ᠎ᠢ ᠴᠤᠠᠠᠴᠠᠯᠠᠨᠠ᠃ ᠬᠠᠤᠯᠢ ᠪᠤᠰᠤ᠎ᠪᠠᠷ ᠭᠠᠵᠠᠷ ᠬᠠᠭ᠋ᠠᠯᠪᠤᠷᠢᠯᠠᠬᠤ᠂ ᠪᠡᠯᠴᠢᠭᠡᠷ ᠤᠰᠤ ᠵᠢ ᠡᠪᠳᠡᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠬᠦᠨ᠎ᠡ᠃
ᠭᠤᠷᠪᠠ᠎ᠳᠤ᠂ ᠨᠡᠢ᠌ᠭᠡᠮ᠎ᠤᠨ ᠵᠠᠰᠠᠯᠲᠠ ᠪᠣᠯᠪᠠᠰᠤᠨ᠎ᠤ ᠪᠠᠢ᠌ᠭᠤᠯᠤᠯᠲᠠ ᠵᠢᠨ ᠲᠠᠯ᠎ᠠ᠎ᠪᠠᠷ᠄
ᠬᠠᠤᠯᠢ ᠲᠦᠭᠡᠮᠡᠯᠵᠢᠬᠦᠯᠬᠦ ᠵᠢ ᠬᠦᠨᠵᠡᠭᠡᠢ ᠲᠦᠯᠬᠢᠨ ᠠᠬᠢᠭᠤᠯᠵᠦ᠂ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠬᠦ᠂ ᠠᠰᠠᠭᠤᠳᠠᠯ᠎ᠢ ᠰᠢᠢ᠍ᠳᠪᠤᠷᠢᠯᠡᠬᠦ᠎ᠳᠤ ᠬᠠᠤᠯᠢ᠎ᠳᠤ ᠲᠦᠰᠢᠭᠯᠡᠬᠦ ᠤᠯᠠᠨ ᠲᠦᠮᠡᠨ᠎ᠤ ᠬᠠᠦᠯᠢ᠎ᠪᠠᠷ ᠵᠠᠰᠠᠬᠤ ᠦᠵᠡᠯ ᠤᠬᠠᠮᠰᠠᠷ᠎ᠢ ᠲᠡᠭᠡᠭᠰᠢᠯᠡᠬᠦᠯᠦᠨ᠎ᠡ᠃ ᠲᠤᠤᠷᠵᠢᠭᠤᠯᠤᠠᠠᠰᠠᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠬᠦᠯᠦᠨ᠂ ᠨᠡᠢ᠌ᠭᠡᠮ᠎ᠤᠨ ᠠᠮᠦᠷ ᠲᠤᠠᠠᠳᠠᠭᠤᠨᠢ ᠬᠦᠢ᠍ᠴᠡᠳ ᠪᠠᠳᠤᠯᠠᠨ᠎ᠠ᠃ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠲᠥᠪ᠎ᠤᠨ ᠪᠠᠢ᠌ᠭᠤᠯᠤᠯᠳᠠ ᠵᠢ ᠲᠦᠷᠭᠡᠳᠬᠡᠨ ᠠᠬᠢᠭᠤᠯᠵᠦ᠂ ᠨᠡᠢ᠌ᠭᠡᠮ ᠵᠢᠷᠤᠮ᠎ᠤᠨ ᠭᠤᠤᠯᠯᠠᠠᠠᠴᠢ ᠥᠷᠳᠡᠭ᠎ᠢ ᠶᠡᠭᠡᠪᠡᠷ ᠪᠣᠢ ᠪᠣᠯᠭ᠋ᠠᠨ ᠦᠢ᠍ᠯᠡᠳᠦᠯᠭᠡᠵᠢᠬᠦᠯᠵᠦ᠂ ᠪᠥᠬᠥ ᠨᠡᠢ᠌ᠭᠡᠮ᠎ᠤᠨ ᠪᠣᠯᠪᠠᠰᠤᠨ᠎ᠤ ᠬᠡᠮᠵᠢᠶ᠎ᠡ ᠵᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃
ᠲᠦᠷᠪᠡ᠎ᠳᠤ᠂ ᠴᠢᠳᠠᠪᠤᠷᠢᠲᠠᠨ᠎ᠢ ᠬᠦᠮᠦᠵᠢᠬᠦᠯᠬᠦ ᠲᠠᠯ᠎ᠠ᠎ᠪᠠᠷ᠄
ᠬᠠᠮᠢᠶ᠎ᠠ ᠪᠦᠬᠦᠢ ᠶᠡᠬᠡ ᠲᠡᠭᠡᠳᠦ ᠰᠤᠷᠭ᠋ᠠᠭᠤᠯᠢ᠂ ᠪᠠᠢ᠌ᠭᠤᠯᠭ᠎ᠠ ᠨᠢᠭᠡᠴᠡ ᠵᠢᠨ ᠮᠡᠷᠭᠡᠵᠢᠯᠲᠠᠨ ᠪᠠᠠᠠᠰᠢ ᠨᠠᠷ᠎ᠢ ᠤᠷᠢᠵᠦ᠂ ᠮᠠᠯᠴᠢᠨ ᠲᠠᠷᠢᠶᠠᠴᠢᠨ᠎ᠲᠤ ᠦᠷᠭᠦᠯᠵᠢᠯᠡᠯᠲᠡ ᠵᠢᠨ ᠴᠢᠨᠠᠷᠳᠠᠢ ᠮᠡᠷᠭᠡᠵᠢᠯ ᠪᠣᠯᠪᠠᠰᠤᠷᠠᠯ ᠬᠦᠷᠳᠡᠭᠡᠨ᠂ ᠣᠷᠣᠨ ᠨᠤᠳᠤᠭ᠎ᠤᠨ ᠴᠢᠳᠠᠪᠤᠷᠢᠲᠠᠨ ᠮᠡᠷᠭᠡᠵᠢᠯᠲᠡᠨ᠎ᠢ ᠶᠡᠭᠡᠪᠡᠷ ᠬᠦᠮᠦᠵᠢᠬᠦᠯᠵᠦ᠂ ᠮᠠᠯᠴᠢᠨ ᠲᠠᠷᠢᠶᠠᠴᠢᠨ᠎ᠤ ᠮᠡᠷᠭᠡᠵᠢᠯ ᠴᠢᠳᠠᠪᠤᠷᠢ ᠵᠢᠨ ᠲᠠᠭᠡᠭᠰᠢᠯᠡᠯᠲᠡ ᠵᠢ ᠠᠳᠬᠤᠵᠦ᠂ ᠣᠷᠣᠯᠭ᠎ᠠ ᠵᠢᠨ ᠨᠡᠮᠡᠭᠳᠡᠯᠲᠡ ᠵᠢ ᠠᠬᠢᠭᠤᠯᠤᠨ᠎ᠡ᠃
ᠲ᠊ ᠊ᠠᠪᠤᠳᠤ᠂ ᠨᠠᠮ᠎ᠤᠨ ᠪᠠᠢ᠌ᠭᠤᠯᠤᠯᠲᠠ ᠵᠢᠨ ᠲᠠᠯ᠎ᠠ᠎ᠪᠠᠷ᠄
《ᠲᠠᠪᠤᠨ ᠲᠠᠯ᠎ᠠ ᠵᠢ ᠵᠤᠬᠢᠴᠠᠭᠤᠯᠵᠦ᠂ ᠦᠨᠳᠦᠰᠦᠨ ᠱᠠᠳᠤ ᠵᠢ ᠶᠡᠭᠡᠪᠡᠷ ᠠᠳᠬᠤᠬᠤ》 ᠵᠢ ᠯᠠᠪᠳᠠᠭᠤᠨ ᠪᠠᠳᠤᠳᠠᠢ ᠠᠬᠢᠭᠤᠯᠵᠦ᠂ ᠪᠠᠷᠢᠮᠵᠢᠶᠠᠵᠢᠠᠠᠰᠠᠨ ᠵᠢᠷᠤᠮᠵᠢᠠᠠᠰᠠᠨ ᠨᠠᠮ᠎ᠤᠨ ᠡᠭᠦᠷ ᠪᠣᠯᠣᠨ 《ᠬᠠᠮᠤᠭ᠎ᠤᠨ ᠬᠦᠴᠦᠷᠭᠡᠭ ᠨᠠᠮ᠎ᠤᠨ ᠡᠭᠦᠷ》᠎ᠤᠨ ᠪᠠᠢ᠌ᠭᠤᠯᠤᠯᠲᠠ ᠵᠢ ᠶᠡᠭᠡᠪᠡᠷ ᠠᠬᠢᠭᠤᠯᠤᠨ᠂ 《ᠲᠥᠷᠥᠯ ᠲᠡᠮᠳᠡᠭᠳᠦ ᠨᠠᠮ᠎ᠤᠨ ᠡᠭᠦᠷ》᠎ᠤᠨ ᠴᠤᠠᠠᠴᠠᠯᠠᠯᠲᠠ ᠵᠢ ᠴᠢᠩᠭ᠋ᠠᠳᠬᠠᠵᠦ᠂ ᠨᠠᠮ᠎ᠤᠨ ᠪᠠᠢ᠌ᠭᠤᠯᠤᠯᠳᠠ ᠵᠢ ᠴᠢᠩᠭ᠎ᠠ ᠠᠳᠬᠤᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠦ᠂ ᠦᠨᠳᠦᠰᠦᠳᠡᠨ᠎ᠤ ᠪᠦᠯᠬᠦᠮᠳᠡᠯ᠎ᠢ ᠠᠬᠢᠭᠤᠯᠦᠨ᠂ ᠦᠨᠳᠤᠰᠤᠨ ᠱᠠᠳᠤᠨ᠎ᠤ ᠵᠠᠰᠠᠯᠲᠠ ᠵᠢ ᠠᠬᠢᠭᠤᠯᠬᠤ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠨᠠᠮ᠎ᠤᠨ ᠭᠡᠰᠢᠬᠦᠨ᠎ᠤ ᠪᠣᠯᠪᠠᠰᠤᠷᠠᠯ ᠬᠥᠮᠥᠵᠢᠯ᠎ᠢ ᠴᠠᠭ ᠢᠮᠬᠠᠲᠠ ᠴᠢᠬᠤᠯᠠᠴᠢᠯᠠᠨ ᠠᠳᠬᠤᠵᠦ᠂ ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠵᠣᠬᠢᠶᠠᠨ ᠪᠠᠢ᠌ᠭᠤᠯᠬᠤ ᠬᠦᠴᠦᠨ ᠪᠠ ᠳᠠᠢ᠌ᠴᠢᠨ ᠬᠦᠴᠦᠨ᠎ᠢ ᠦᠨᠡᠨᠬᠦ ᠴᠢᠩᠭ᠋ᠠᠳᠬᠠᠨ᠎ᠠ᠃
ᠰᠣᠷᠪᠤᠯᠵᠢᠯᠠᠭᠴᠢ᠄ ᠭᠡᠷᠡᠯᠲᠤᠶᠠᠭ᠎ᠠ ᠠᠽᠢᠶ᠎ᠠ