ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠮᠤᠷ᠎ᠤᠨ ᠬᠦᠳᠡᠷᠢ ᠵᠢᠨ ᠳᠠᠪᠠᠭ᠎ᠠ ᠵᠢᠨ ᠴᠢᠭᠢᠭᠯᠢᠭ ᠭᠠᠵᠠᠷ
ᠨᠡᠶ᠋ᠢᠲᠡᠯᠡᠭᠰᠡᠨ ᠴᠠᠭ᠄ 2023-01-30

      ᠬᠦᠳᠡᠷᠢ ᠵᠢᠨ ᠳᠠᠪᠠᠭ᠎ᠠ ᠵᠢᠨ ᠴᠢᠭᠢᠭᠯᠢᠭ ᠭᠠᠵᠠᠷ᠎ᠨᠢ ᠶᠡᠬᠡ ᠬᠢᠩᠭ᠋ᠠᠨ ᠳᠠᠪᠠᠭ᠎ᠠ ᠵᠢᠨ ᠠᠮᠤᠷ᠎ᠤᠨ ᠯᠦᠩ ᠾᠧ ᠥᠷᠲᠡᠭᠡ᠎ᠠᠴᠠ ᠯᠦᠩ ᠵᠢᠶᠠᠩ ᠮᠥᠷᠡᠨ᠎ᠤ ᠨᠢᠭᠡᠳᠦᠭᠡᠷ ᠪᠤᠯᠤᠩ᠎ᠳᠤ ᠬᠦᠷᠲᠡᠯᠡᠬᠢ 15 ᠺᠢᠯᠣᠮᠧᠲᠷ᠎ᠤᠨ ᠵᠠᠢ᠎ᠳᠤ ᠪᠠᠶ᠋ᠢᠳᠠᠭ᠃ ᠡᠨᠳᠡᠬᠢ ᠭᠠᠵᠠᠷ᠎ᠤᠨ ᠪᠠᠶ᠋ᠢᠴᠠ᠎ᠨᠢ ᠲᠡᠭᠰᠢᠬᠡᠨ᠂ ᠥᠷᠭᠡᠨ ᠠᠭᠤᠳᠠᠮ᠃ ᠭᠣᠤᠯ ᠮᠥᠷᠡᠨ ᠬᠥᠨᠳᠡᠯᠡᠨ ᠭᠤᠯᠳᠤ ᠰᠦᠯᠵᠢᠯᠳᠦᠨ᠂ ᠨᠠᠭᠤᠷ ᠴᠥᠭᠥᠷᠥᠮ ᠵᠠᠯᠭ᠋ᠠᠯᠳᠤᠵᠤ᠂ ᠰᠦᠷᠯᠢᠭ ᠰᠠᠶ᠋ᠢᠬᠠᠨ ᠴᠢᠭᠢᠭᠯᠢᠭ ᠭᠠᠵᠠᠷ᠎ᠤᠨ ᠦᠵᠡᠮᠵᠢ ᠵᠢ ᠪᠣᠶ ᠪᠣᠯᠭ᠋ᠠᠭᠰᠠᠨ ᠪᠠᠶ᠋ᠢᠨ᠎ᠠ᠃
      ᠬᠦᠳᠡᠷᠢ ᠵᠢᠨ ᠳᠠᠪᠠᠭ᠋ᠠᠨ᠎ᠳᠤ ᠶᠡᠬᠡ ᠬᠡᠪᠴᠢᠶᠡᠨ᠎ᠤ ᠪᠠᠯᠠᠷ ᠡᠷᠲᠡᠨ᠎ᠤ ᠵᠢᠭ᠋ᠠᠷᠲᠤ ᠨᠠᠷᠠᠰᠤᠨ ᠣᠶ ᠤᠷᠭᠤᠵᠤ᠂ ᠣᠶ ᠵᠢᠨ ᠬᠣᠷᠮᠣᠶ᠎ᠳᠤ ᠪᠦᠯᠦᠭ ᠪᠦᠯᠦᠭ ᠬᠤᠷᠴᠠ ᠤᠯᠠᠭ᠋ᠠᠨ ᠴᠡᠴᠡᠭ ᠪᠠᠶ᠋ᠢᠳᠠᠭ᠃ ᠴᠢᠭᠢᠭᠯᠢᠭ ᠭᠠᠵᠠᠷ᠎ᠤᠨ ᠬᠠᠪᠢ᠎ᠪᠠᠷ ᠭᠣᠣᠯ᠎ᠤᠨ ᠤᠰᠤ ᠮᠢᠷᠠᠯᠵᠢᠨ ᠤᠷᠤᠰᠴᠤ᠂ ᠡᠷᠭᠢ ᠳᠠᠭ᠋ᠠᠤ ᠮᠤᠳᠤ ᠰᠦᠬᠡᠭ ᠢᠭᠴᠤ ᠰᠠᠬᠤᠯᠢᠭ ᠤᠷᠭᠤᠵᠤ᠂ ᠠᠮᠢᠵᠢᠷᠠᠯ ᠵᠢᠨ ᠬᠦᠴᠦᠨ ᠪᠢᠯᠬᠠᠮ᠎ᠠ᠃
      ᠡᠨᠳᠡᠬᠢ ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢᠨ ᠬᠠᠳᠠᠭ᠋ᠠᠯᠠᠭᠳᠠᠴᠠ ᠮᠠᠰᠢ ᠰᠠᠶ᠋ᠢᠨ ᠪᠠᠶ᠋ᠢᠵᠤ᠂ ᠴᠢᠭᠢᠭᠯᠢᠭ ᠭᠠᠵᠠᠷ᠎ᠤᠨ ᠤᠰᠤᠨ᠎ᠤ ᠬᠡᠮᠵᠢᠶ᠎ᠡ᠎ᠨᠢ ᠴᠦ᠍ ᠵᠢᠯ ᠲᠤᠷᠰᠢ ᠬᠠᠩᠭ᠋ᠠᠮᠵᠢᠳᠠᠢ ᠪᠠᠶ᠋ᠢᠳᠠᠭ᠎ᠠᠴᠠ ᠮᠠᠰᠢ ᠣᠯᠠᠨ ᠰᠢᠪᠠᠭᠤᠨ᠎ᠤ ᠲᠥᠷᠥᠯ ᠪᠠ ᠬᠡᠭᠡᠷ᠎ᠡ ᠵᠢᠨ ᠠᠷᠢᠶᠠᠲᠠᠨ ᠤᠷᠤᠩᠨᠠᠨ   ᠦᠷᠡᠵᠢᠵᠦ ᠪᠠᠢ᠌ᠳᠠᠭ ᠮᠦᠷᠳᠡᠭᠡᠨ ᠲᠤᠭ᠎ᠠ ᠬᠡᠮᠵᠢᠶ᠎ᠡ᠂ ᠲᠦᠷᠦᠯ ᠵᠦᠢ᠍ᠯ ᠨᠡᠯᠢᠶᠠᠳ ᠤᠯᠠᠨ ᠪᠤᠢ᠃   ᠬᠦᠳᠡᠷᠢ᠂ ᠪᠣᠷᠣ ᠭᠥᠷᠥᠭᠡᠰᠦ᠂ ᠬᠡᠭᠡᠷ᠎ᠡ ᠵᠢᠨ ᠭᠠᠬᠠᠶ ᠮᠡᠲᠦ ᠵᠢᠨ ᠬᠡᠭᠡᠷ᠎ᠡ ᠵᠢᠨ ᠠᠮᠢᠳᠠᠨ ᠤᠯᠠᠨ ᠬᠠᠷᠠᠭᠳᠠᠳᠠᠭ ᠪᠤᠯᠬᠤᠷ᠂ ᠡᠨᠳᠡᠬᠢ᠎ᠨᠢ 《ᠬᠡᠭᠡᠷ᠎ᠡ ᠵᠢᠨ ᠭᠠᠬᠠᠶ ᠵᠢᠨ ᠳᠠᠪᠠᠭ᠎ᠠ》 ᠪᠤᠶᠤ 《ᠬᠦᠳᠡᠷᠢ ᠵᠢᠨ ᠳᠠᠪᠠᠭ᠎ᠠ》 ᠬᠡᠮᠡᠨ ᠨᠡᠷᠡᠢ᠌ᠳᠦᠭᠳᠡᠭᠰᠡᠨ ᠪᠠᠢ᠌ᠨ᠎ᠠ᠃ ᠮᠦᠨ ᠴᠤ᠌ ᠲᠤᠬᠠᠢ ᠵᠢᠨ ᠤᠷᠤᠨ᠎ᠤ ᠴᠢᠬᠤᠯᠠ ᠬᠠᠮᠠᠭ᠋ᠠᠯᠠᠯᠲᠠ ᠵᠢᠨ ᠭᠠᠵᠠᠷ ᠪᠤᠯᠤᠭᠰᠠᠨ ᠪᠠᠢ᠌ᠨ᠎ᠠ᠃  






ᠢᠷᠡᠯᠲᠡ᠄ ᠶᠡᠬᠡ ᠬᠢᠩᠭ᠋ᠠᠨ ᠳᠠᠪᠠᠭ᠎ᠠ ᠵᠢᠨ ᠣᠷᠣᠨ᠎ᠤ ᠵᠠᠬᠢᠷᠭ᠎ᠠ
          
ᠬᠠᠮᠢᠶ᠎ᠡ ᠪᠦᠬᠦᠢ ᠰᠣᠨᠢᠨ
ᠮᠠᠨ᠎ᠤ ᠤᠯᠤᠰ᠎ᠤᠨ ᠴᠢᠪᠠᠭ᠎ᠠ ᠵᠢᠨ ᠠᠵᠤ ᠦᠢ᠍ᠯᠡᠰ᠎ᠤᠨ ᠤᠳᠤᠬᠠᠨ᠎ᠤ ᠪᠠᠢ᠌ᠳᠠᠯ
ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2023 ᠣᠨ᠎ᠤ ᠡᠷᠲᠡᠨ᠎ᠤ ᠮᠣᠳᠣᠨ᠎ᠤ ᠬᠠᠮᠠᠭ᠋ᠠᠯᠠᠯᠲᠠ ᠵᠢᠨ ᠵᠢᠷᠤᠭ ᠲᠦᠯᠦᠪᠯᠡᠯᠭᠡ ᠵᠢᠨ ᠲᠥᠰᠦᠯ᠎ᠤᠨ ᠪᠠᠶ᠋ᠢᠴᠠᠭ᠋ᠠᠯᠲᠠ ᠵᠢᠨ ᠠᠵᠢᠯ᠎ᠢ ᠵᠢᠩᠬᠢᠨᠢ᠎ᠪᠠᠷ ᠡᠬᠢᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠰᠬᠠᠶ ᠠᠵᠢᠯ᠎ᠤᠨ ᠳᠤᠭᠤᠶ᠋ᠢᠯᠠᠩ ᠬᠥᠯᠥᠨ ᠪᠣᠶ᠋ᠢᠷ ᠬᠣᠲᠠ᠎ᠳᠤ ᠬᠦᠷᠴᠦ ᠵᠠᠰᠠᠭ ᠵᠠᠬᠢᠷᠭ᠋ᠠᠨ᠎ᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠢ ᠵᠢᠯᠣᠭᠣᠳᠪᠠ
ᠸᠠᠩ ᠵᠣᠣ ᠱᠧᠩ ᠪᠤᠭᠤᠲᠤ ᠬᠣᠲᠠ᠎ᠳᠤ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠳᠦᠷᠢᠮ᠎ᠠᠴᠠ ᠵᠥᠷᠢᠴᠡᠭᠰᠡᠨ ᠠᠰᠠᠭᠤᠳᠠᠯ᠎ᠢ ᠪᠠᠶ᠋ᠢᠩᠭᠤᠵᠢᠭᠤᠯᠤᠨ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
 
             蒙ICP备05000248号