ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠢ᠌ᠲᠡ ᠵᠢᠨ ᠤᠢ᠌ᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠣᠯᠪᠠᠰᠤᠷᠠᠭᠤᠯᠤᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2023-11-28


     《  ᠨᠡᠢ᠌ᠲᠡ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠬᠠᠮᠲᠤ ᠵᠢᠨ ᠣᠶ ᠰᠢᠭᠤᠶ ᠵᠢᠨ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠥᠯᠥᠭᠡ᠂ ᠮᠠᠨ᠎ᠤ ᠲᠣᠪᠴᠢᠶ᠎ᠠ 11 ᠰᠠᠷ᠎ᠠ ᠵᠢᠨ 18᠎ᠤ ᠡᠳᠦᠷ ᠪᠠᠶᠠᠨᠨᠠᠭᠤᠷ᠎ᠲᠤ ᠨᠡᠢ᠌ᠲᠡ ᠵᠢᠨ ᠤᠢ᠌ᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠣᠯᠪᠠᠰᠤᠷᠠᠭᠤᠯᠤᠯ᠎ᠤᠨ ᠠᠩᠭᠢ ᠡᠷᠭᠢᠯᠡᠵᠦ᠂ ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠡᠢ᠌ᠲᠡ ᠵᠢᠨ ᠤᠢ᠌ᠲᠤ ᠭᠠᠵᠠᠷ᠎ᠢ ᠥᠭᠡᠷᠡᠴᠢᠯᠡᠬᠦ᠂ ᠠᠵᠤ ᠦᠢ᠍ᠯᠡᠰ᠂ ᠡᠬᠢ ᠪᠠᠶᠠᠯᠢᠭ ᠵᠡᠷᠭᠡ ᠠᠵᠢᠯ᠎ᠢ ᠬᠠᠷᠢᠭᠤᠴᠠᠵᠤ ᠪᠠᠶ᠋ᠢᠭ᠎ᠠ 50 ᠭᠠᠷᠤᠶ ᠬᠥᠮᠦᠨ ᠲᠣᠰ ᠤᠳᠠᠭ᠋ᠠᠨ᠎ᠤ ᠪᠣᠯᠪᠠᠰᠤᠷᠠᠭᠤᠯᠤᠯ᠎ᠳᠤ ᠣᠷᠣᠯᠴᠠᠪᠠ᠃
     ᠪᠤᠯᠪᠠᠰᠤᠷᠠᠭᠤᠯᠤᠯ᠎ᠳᠤ᠂ ᠨᠡᠢ᠌ᠲᠡ ᠵᠢᠨ ᠣᠶ᠋ᠢᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠳᠤᠮᠳᠠᠬᠢ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠦᠨᠳᠦᠰᠦᠨ ᠵᠠᠷᠴᠢᠮ᠂ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠠᠷᠭ᠎ᠠ ᠬᠡᠯᠪᠡᠷᠢ᠂ ᠵᠢᠭᠤᠷᠠᠯᠳᠤᠭ᠋ᠠᠨ᠎ᠢ ᠵᠥᠪᠳᠡᠯᠴᠡᠬᠦ ᠵᠡᠷᠭᠡ ᠲᠠᠯ᠎ᠠ᠎ᠪᠠᠷ ᠪᠣᠯᠪᠠᠰᠤᠷᠠᠭᠤᠯᠤᠯ ᠬᠢᠭᠰᠡᠨ ᠪᠥᠭᠡᠳ ᠨᠡᠢ᠌ᠲᠡ ᠵᠢᠨ ᠣᠶ᠋ᠢᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠬᠠᠮᠢᠶ᠎ᠠ ᠪᠥᠬᠥᠶ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠭᠰᠡᠨ ᠪᠠᠶ᠋ᠢᠨ᠎ᠠ᠃ ᠲᠣᠰ ᠤᠳᠠᠭ᠋ᠠᠨ᠎ᠤ ᠪᠤᠯᠪᠠᠰᠤᠷᠠᠭᠤᠯᠤᠯ᠎ᠳᠤ ᠪᠠᠰᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠨᠡᠢ᠌ᠲᠡ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ》᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠲᠡ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠬᠡᠷᠡᠭᠵᠢᠭᠦᠯᠬᠦ ᠲᠥᠰᠦᠯ (ᠶᠠᠷᠢᠯᠴᠠᠬᠤ ᠨᠤᠤᠷᠠᠭ)》 ᠪᠣᠯᠤᠨ 《ᠣᠶ ᠰᠢᠭᠤᠶ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ (ᠶᠠᠷᠢᠯᠴᠠᠬᠤ ᠨᠤᠤᠷᠠᠭ)》 ᠵᠢ ᠰᠤᠳᠤᠯᠤᠨ ᠶᠠᠷᠢᠯᠴᠠᠪᠠ᠃
     ᠪᠣᠯᠪᠠᠰᠤᠷᠠᠭᠤᠯᠤᠯ ᠵᠶ᠋ᠠᠷ ᠳᠠᠮᠵᠢᠭᠤᠯᠤᠨ᠂ ᠨᠡᠢ᠌ᠲᠡ ᠵᠢᠨ ᠣᠶ᠋ᠢᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ᠂ ᠨᠡᠢ᠌ᠲᠡ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠡᠷᠭᠡ ᠠᠵᠢᠯ᠎ᠤᠨ ᠭᠤᠤᠯᠳᠠᠯᠭ᠎ᠠ ᠵᠢ ᠲᠣᠳᠣᠷᠬᠠᠶ᠋ᠢᠯᠠᠵᠤ᠂ ᠣᠯᠠᠨ᠎ᠤ ᠠᠵᠢᠯ᠎ᠤᠨ ᠳᠤᠮᠳᠠ ᠲᠤᠯᠭ᠋ᠠᠷᠠᠭᠰᠠᠨ ᠠᠰᠠᠭᠤᠳᠠᠯ᠎ᠳᠤ ᠬᠠᠷᠢᠭᠤᠯᠲᠠ ᠥᠭᠴᠦ᠂ ᠨᠡᠢ᠌ᠲᠡ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠂ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠰᠠᠭᠤᠷᠢ ᠲᠠᠯᠪᠢᠵᠤ ᠥᠭᠴᠡᠶ᠃

ᠢᠷᠡᠯᠲᠡ᠄
          
ᠬᠠᠮᠢᠶ᠎ᠡ ᠪᠦᠬᠦᠢ ᠰᠣᠨᠢᠨ
2023 ᠣᠨ᠎ᠤ ᠪᠥᠬᠥ ᠣᠷᠣᠨ᠎ᠤ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ
ᠣᠶᠤᠨᠴᠢ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠳᠡᠯᠡᠬᠡᠶ ᠵᠢᠨ ᠪᠥᠮᠪᠥᠷᠴᠡᠭ ᠵᠶ᠋ᠡᠨ ᠬᠠᠮᠠᠭ᠋ᠠᠯᠠᠶ᠎ᠠ —2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠭᠡᠷ 2024 ᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠪᠦᠷᠢᠯᠳᠦᠬᠦᠨ ᠨᠢᠭᠡᠴᠢ ᠵᠢᠨ ᠬᠤᠷᠠᠯ ᠬᠤᠷᠠᠯᠳᠤᠭᠤᠯᠪᠠ
 
             蒙ICP备05000248号