ᠦᠪᠡᠷᠳᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠶ᠋ᠢᠳᠠᠯᠭ᠎ᠠ᠎ᠪᠠᠷ᠂ ᠦᠷ᠎ᠡ ᠴᠢᠬᠢ ᠵᠢᠨ ᠶᠡᠷᠦᠩᠬᠡᠶ ᠥᠷᠲᠡᠭᠡ 2023 ᠣᠨ᠎ᠤ ᠪᠥᠬᠥ ᠣᠷᠣᠨ᠎ᠤ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠠᠷᠭᠤᠭᠤᠯᠤᠨ ᠪᠠᠶ᠋ᠢᠴᠠᠭ᠋ᠠᠬᠤ ᠠᠵᠢᠯ᠎ᠢ ᠬᠠᠷᠢᠭᠤᠴᠠᠪᠠ᠃ 2023 ᠣᠨ᠎ᠤ ᠪᠥᠬᠥ ᠣᠷᠣᠨ᠎ᠤ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ 24.6 ᠲᠦᠮᠡᠨ ᠮᠥ᠍ ᠪᠠᠶ᠋ᠢᠵᠤ᠂ 10 ᠠᠶ᠋ᠢᠮᠠᠭ ᠬᠣᠲᠠ ᠵᠢᠨ 32 ᠬᠣᠰᠢᠭᠤ ᠰᠢᠶᠠᠨ (ᠲᠣᠭᠣᠷᠢᠭ)᠎ᠤ 400 ᠭᠠᠷᠤᠶ ᠬᠡᠰᠡᠭ ᠭᠠᠵᠠᠷ ᠤᠷᠤᠨ᠎ᠳᠤ ᠲᠠᠷᠬᠠᠵᠤ᠂ ᠨᠡᠶ᠋ᠢᠲᠡ 78 ᠡᠪᠡᠰᠦᠨ ᠦᠷ᠎ᠡ ᠵᠢᠨ ᠠᠵᠤ ᠠᠬᠤᠶ᠋ᠢᠯᠠᠯ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠪᠠ᠃
ᠲᠣᠰ ᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠤᠨ ᠳᠤᠭᠤᠢ᠌ᠯᠠᠩ᠎ᠨᠢ ᠦᠷ᠎ᠡ ᠴᠢᠬᠢ ᠵᠢᠨ ᠶᠡᠷᠦᠩᠬᠡᠶ ᠥᠷᠲᠡᠭᠡ, ᠠᠶ᠋ᠢᠮᠠᠭ ᠬᠣᠲᠠ ᠪᠣᠯᠤᠨ ᠬᠣᠰᠢᠭᠤ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠬᠠᠶ᠋ᠢᠨ ᠪᠠᠢ᠌ᠴᠠᠭ᠋ᠠᠬᠤ ᠲᠦᠯᠦᠪᠵᠢᠬᠦᠯᠭᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠠᠮᠢᠶ᠎ᠠ ᠪᠥᠬᠥᠶ ᠬᠥᠮᠦᠰ ᠵᠶ᠋ᠠᠷ ᠪᠦᠷᠢᠯᠳᠦᠵᠦ᠂ 9 ᠰᠠᠷ᠎ᠠ ᠵᠢᠨ 11᠎ᠤ ᠡᠳᠦᠷ᠎ᠠᠴᠠ ᠡᠬᠢᠯᠡᠨ᠂ 2 ᠰᠠᠷ᠎ᠠ ᠬᠠᠭ᠋ᠠᠰ᠎ᠤᠨ ᠴᠠᠭ᠎ᠢ ᠬᠡᠷᠡᠭᠰᠡᠵᠦ ᠠᠯᠢᠪᠠ ᠬᠢᠨᠠᠨ ᠪᠠᠶ᠋ᠢᠴᠠᠭ᠋ᠠᠬᠤ ᠠᠵᠢᠯ᠎ᠢ ᠳᠠᠭᠤᠰᠬᠠᠪᠠ᠃ ᠭᠠᠳᠠᠨᠠᠬᠢ ᠠᠵᠢᠯ ᠲᠥᠷᠥᠯ᠎ᠢ ᠬᠢᠨᠠᠨ ᠪᠠᠶ᠋ᠢᠴᠠᠭ᠋ᠠᠬᠤ᠎ᠳᠤ ᠵᠢᠯᠣᠭᠣᠴᠢ ᠥᠬᠡᠶ ᠨᠢᠰᠬᠡᠯ ᠵᠶ᠋ᠠᠷ ᠵᠢᠷᠤᠭ ᠳᠦᠷᠰᠦ ᠵᠢ ᠰᠡᠭᠦᠳᠡᠷᠯᠡᠬᠦ ᠪᠤᠯᠤᠨ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠬᠤ᠎ᠲᠠᠢ ᠤᠶᠠᠯᠳᠤᠭᠤᠯᠤᠨ᠂ ᠭᠠᠵᠠᠷ᠎ᠤᠨ ᠪᠠᠶ᠋ᠢᠷᠢᠯᠠᠯ᠂ ᠲᠠᠷᠢᠮᠠᠯ᠎ᠤᠨ ᠲᠠᠯᠠᠪᠠᠶ᠂ ᠲᠠᠷᠢᠮᠠᠯ ᠵᠢᠴᠢ ᠤᠷᠭᠤᠯᠲᠠ ᠵᠢᠨ ᠪᠠᠶ᠋ᠢᠳᠠᠯ ᠵᠡᠷᠭᠡ ᠵᠢ ᠨᠠᠷᠢᠨ ᠬᠠᠷᠭᠤᠭᠤᠯᠤᠨ ᠪᠠᠶ᠋ᠢᠴᠠᠭ᠋ᠠᠵᠤ᠂ ᠡᠪᠡᠰᠦᠨ ᠦᠷ᠎ᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠥ ᠵᠢ ᠰᠢᠯᠵᠢᠭᠦᠯᠦᠨ ᠦᠭᠬᠦ᠂ ᠰᠠᠭᠤᠷᠢᠨ ᠭᠠᠵᠠᠷ᠎ᠤᠨ ᠬᠠᠮᠢᠶᠠᠷᠤᠯᠲᠠ ᠪᠠ 《ᠨᠢᠭᠡ ᠬᠠᠭᠤᠳᠠᠰᠤ ᠲᠤᠭ᠋ᠠᠵᠢᠭᠤᠯᠤᠭᠰᠠᠨ ᠵᠢᠷᠤᠭ》 ᠵᠢᠨ ᠬᠠᠮᠢᠶᠠᠷᠤᠯᠲᠠ ᠵᠡᠷᠭᠡ ᠠᠵᠢᠯ᠎ᠳᠤ ᠲᠣᠭ᠎ᠠ ᠪᠠᠷᠢᠮᠲᠠ ᠵᠢᠨ ᠦᠨᠳᠦᠰᠦᠯᠡᠯ ᠬᠠᠩᠭ᠋ᠠᠪᠠ᠃
ᠲᠤᠳᠤᠭ᠋ᠠᠳᠤ ᠠᠵᠢᠯ᠎ᠳᠤ ᠭᠤᠶᠤᠴᠢᠯᠠᠨ ᠮᠡᠳᠡᠭᠦᠯᠬᠦ ᠪᠢᠴᠢᠭ ᠮᠠᠲ᠋ᠧᠷᠢᠶᠠᠯ᠂ ᠡᠪᠡᠰᠦᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠢᠷᠢ ᠬᠡᠮ᠂ ᠲᠥᠷᠥᠯ ᠵᠦᠢ᠍ᠯ᠎ᠤᠨ ᠠᠵᠢᠯ᠎ᠤᠨ ᠵᠢᠷᠤᠭ ᠲᠥᠯᠥᠪᠯᠡᠭᠡ ᠵᠢᠴᠢ ᠬᠡᠷᠡᠭᠵᠢᠭᠦᠯᠬᠦ ᠲᠥᠰᠦᠯ᠂ ᠰᠠᠭᠤᠷᠢᠨ ᠭᠠᠵᠠᠷ᠎ᠤᠨ ᠬᠢᠨᠠᠨ ᠬᠡᠮᠵᠢᠬᠦ ᠬᠠᠮᠢᠶᠠᠷᠤᠯᠲᠠ ᠵᠢᠨ ᠲᠠᠩᠰᠠ ᠡᠪᠬᠡᠮᠡᠯ᠂ ᠲᠠᠷᠢᠶᠠᠨ ᠭᠠᠵᠠᠷ᠎ᠤᠨ ᠦᠢ᠍ᠯᠡᠳᠪᠦᠷᠢᠯᠡᠯ ᠬᠠᠮᠢᠶᠠᠷᠤᠯᠲᠠ ᠵᠢᠨ ᠲᠠᠩᠰᠠ ᠡᠪᠬᠡᠮᠡᠯ ᠵᠡᠷᠭᠡ ᠮᠠᠲ᠋ᠧᠷᠢᠶᠠᠯ᠎ᠢ ᠨᠠᠷᠢᠨ ᠬᠢᠨᠠᠮᠠᠭ᠋ᠠᠶ ᠬᠢᠨᠠᠨ ᠬᠠᠷᠭᠤᠭᠤᠯᠬᠤ ᠵᠢᠨ ᠬᠠᠮᠲᠤ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠪᠡᠰᠦᠨ ᠦᠷ᠎ᠡ ᠵᠢᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠳᠤ ᠰᠠᠨᠠᠯ ᠰᠠᠨᠠᠭᠤᠯᠭ᠎ᠠ ᠳᠤᠷᠠᠳᠴᠤ᠂ ᠡᠪᠡᠰᠦᠨ ᠦᠷ᠎ᠡ ᠵᠢ ᠪᠣᠶ᠋ᠢᠵᠢᠭᠤᠯᠬᠤ ᠰᠠᠭᠤᠷᠢᠨ ᠭᠠᠵᠠᠷ᠎ᠤᠨ ᠭᠤᠶᠤᠴᠢᠯᠠᠨ ᠮᠡᠳᠡᠭᠦᠯᠬᠦ ᠴᠤᠪᠤᠷᠠᠯ᠂ ᠠᠵᠢᠯ᠎ᠤᠨ ᠵᠢᠷᠤᠭ ᠲᠥᠯᠥᠪᠯᠡᠭᠡ ᠪᠠ ᠬᠡᠷᠡᠭᠵᠢᠭᠦᠯᠬᠦ ᠲᠥᠰᠦᠯ ᠨᠠᠶ᠋ᠢᠷᠠᠭᠤᠯᠤᠨ ᠵᠣᠬᠢᠶᠠᠬᠤ ᠰᠠᠭᠤᠷᠢᠨ ᠭᠠᠵᠠᠷ᠎ᠤᠨ ᠬᠢᠨᠠᠨ ᠬᠡᠮᠵᠢᠬᠦ ᠬᠠᠮᠢᠶᠠᠷᠤᠯᠲᠠ ᠪᠠ ᠦᠢ᠍ᠯᠡᠳᠪᠦᠷᠢᠯᠡᠯ ᠡᠵᠡᠩᠨᠡᠯᠲᠡ ᠵᠡᠷᠭᠡ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠪᠠ᠃ ᠲᠣᠰ ᠤᠳᠠᠭ᠋ᠠᠨ᠎ᠤ ᠬᠠᠷᠭᠤᠭᠤᠯᠤᠨ ᠪᠠᠶ᠋ᠢᠴᠠᠭ᠋ᠠᠬᠤ ᠠᠵᠢᠯ᠎ᠨᠢ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ᠎ᠤ ᠴᠢᠨᠠᠷ ᠰᠠᠶ᠋ᠢᠲᠠᠶ ᠬᠥᠭᠵᠢᠯᠲᠡ ᠪᠠ 《ᠭᠤᠷᠪᠠᠨ ᠶᠡᠬᠡ ᠳᠠᠶ᠋ᠢᠯᠠᠯᠳᠤᠭ᠋ᠠᠨ》᠎ᠤ ᠢᠯᠠᠯᠲᠠ ᠵᠢ ᠤᠯᠬᠤ᠎ᠳᠤ ᠬᠦᠴᠦᠲᠡᠶ ᠪᠠᠲᠤᠯᠠᠭ᠎ᠠ ᠬᠠᠩᠭ᠋ᠠᠪᠠ᠃