ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ ᠤᠯᠠᠭ᠋ᠠᠨᠴᠠᠪ ᠬᠣᠲᠠ ᠵᠢᠨ ᠡᠯ᠎ᠡ ᠬᠣᠰᠢᠭᠤ ᠰᠢᠶᠠᠨ᠎ᠳᠤ ᠭᠦᠨᠵᠡᠭᠡᠶ᠋ᠢᠷᠡᠨ ᠤᠶᠤᠨᠴᠢ ᠴᠢᠮᠡᠭᠡ ᠵᠠᠩᠬᠢ ᠵᠢᠨ ᠬᠢᠨᠠᠨ ᠬᠡᠮᠵᠢᠯᠲᠠ ᠵᠢᠴᠢ ᠬᠠᠷᠭᠤᠭᠤᠯᠬᠤ ᠠᠬᠢᠴᠠ ᠵᠢ ᠬᠢᠨᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2023-11-09


      
      2023 ᠣᠨ᠎ᠤ 10 ᠰᠠᠷ᠎ᠠ ᠵᠢᠨ 31᠎ᠤ ᠡᠳᠦᠷ 11 ᠰᠠᠷ᠎ᠠ ᠵᠢᠨ 3᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠳ᠋ᠤᠸᠠᠨ ᠡᠾᠸ ᠳᠡᠳ᠋ ᠬᠤᠷᠢᠶᠠᠨ ᠳᠠᠷᠤᠭ᠎ᠠ ᠨᠠᠷ ᠤᠯᠠᠭ᠋ᠠᠨᠴᠠᠪ ᠬᠣᠲᠠ ᠵᠢᠨ ᠬᠤᠸᠠᠳᠧ ᠰᠢᠶᠠᠨ᠂ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤ᠂ ᠵᠦᠸᠧᠽᠢ ᠰᠢᠶᠠᠨ᠎ᠳᠤ ᠭᠦᠨᠵᠡᠭᠡᠶ᠋ᠢᠷᠡᠨ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠤᠶᠤᠨᠴᠢ ᠴᠢᠮᠡᠭᠡ ᠵᠠᠩᠬᠢ ᠵᠢᠨ ᠬᠢᠨᠠᠨ ᠬᠡᠮᠵᠢᠯᠲᠡ ᠪᠠ ᠥᠪᠥᠷ ᠮᠣᠩᠭᠣᠯ᠎ᠤᠨ ᠬᠢᠨᠠᠨ ᠬᠠᠷᠭᠤᠭᠤᠯᠬᠤ᠎ᠪᠠᠷ ᠪᠠᠶ᠋ᠢᠭ᠎ᠠ ᠤᠶᠤᠨᠴᠢ ᠴᠢᠮᠡᠭᠡ ᠵᠠᠩᠬᠢ ᠵᠢ ᠲᠤᠬᠠᠶ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠪᠠ᠃
      ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠤᠶᠤᠨᠴᠢ ᠴᠢᠮᠡᠭᠡ ᠵᠠᠩᠬᠢ ᠵᠢ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠬᠤ ᠵᠢᠨ ᠬᠠᠮᠲᠤ ᠤᠶᠤᠨᠴᠢ ᠴᠢᠮᠡᠭᠡ ᠵᠠᠩᠬᠢ ᠵᠢᠨ ᠰᠢᠨᠵᠢ ᠴᠢᠨᠠᠷ᠎ᠤᠨ ᠬᠠᠷᠢᠶᠠᠯᠠᠯ᠎ᠢ ᠲᠠᠭᠯᠠᠨ ᠪᠢᠴᠢᠭᠰᠡᠨ ᠵᠡᠷᠭᠡ ᠪᠠᠢ᠌ᠳᠠᠯ᠎ᠢ ᠪᠣᠳᠠᠲᠤ ᠪᠠᠶ᠋ᠢᠳᠠᠯ᠎ᠲᠠᠢ ᠬᠠᠷᠢᠴᠠᠭᠤᠯᠬᠤ ᠵᠢᠨ ᠬᠠᠮᠲᠤ ᠵᠠᠰᠠᠪᠤᠷᠢ ᠣᠷᠣᠭᠤᠯᠬᠤ ᠰᠠᠨᠠᠯ ᠲᠤᠷᠠᠳᠴᠤ᠂ ᠠᠵᠢᠯ᠎ᠤᠨ ᠠᠬᠢᠴᠠ᠎ᠪᠠᠷ ᠬᠣᠴᠣᠷᠤᠩᠭᠤᠶ ᠬᠣᠰᠢᠭᠤ ᠰᠢᠶᠠᠨ᠎ᠢ ᠰᠢᠮᠳᠠᠭᠤᠯᠤᠨ ᠴᠡᠭᠴᠡᠯᠡᠨ ᠰᠠᠶ᠋ᠢᠵᠢᠷᠠᠭᠤᠯᠬᠤ ᠡᠷᠴᠢᠮ᠎ᠢ ᠲᠦᠷᠭᠡᠳᠬᠡᠬᠦ ᠵᠢ ᠱᠠᠭ᠋ᠠᠷᠳᠠᠪᠠ᠃
      ᠳ᠋ᠤᠸᠠᠨ ᠾᠧ ᠳᠡᠳ᠋ ᠬᠣᠷᠢᠶᠠᠨ ᠳᠠᠷᠤᠭ᠎ᠠ ᠴᠢᠬᠤᠯᠠᠴᠢᠯᠠᠭᠰᠠᠨ᠎ᠨᠢ᠂ ᠡᠯ᠎ᠡ ᠭᠠᠵᠠᠷ᠎ᠤᠨ᠎ᠬᠢᠨ  ᠬᠠᠮᠢᠶ᠎ᠠ ᠪᠦᠬᠦᠢ ᠠᠵᠢᠯ ᠵᠶ᠋ᠠᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠤᠨ᠂ ᠤᠶᠤᠨᠴᠢ ᠴᠢᠮᠡᠭᠡ ᠵᠠᠩᠬᠢ ᠵᠢ ᠪᠠᠶ᠋ᠢᠴᠠᠭ᠋ᠠᠨ ᠬᠡᠮᠵᠢᠬᠦ ᠶᠠᠰᠤ ᠴᠢᠨᠠᠷ᠎ᠢ ᠪᠠᠲᠤᠯᠠᠵᠤ᠂ ᠬᠢᠨᠠᠨ ᠬᠠᠷᠭᠤᠭᠤᠯᠬᠤ ᠡᠭᠦᠷᠭᠡ᠎ᠪᠠᠨ ᠴᠠᠭ ᠲᠤᠬᠠᠶ᠎ᠳᠤᠨᠢ ᠪᠡᠶᠡᠯᠡᠭᠦᠯᠦᠨ᠂ ᠡᠬᠢ ᠪᠠᠶᠠᠯᠢᠭ᠎ᠤᠨ ᠰᠠᠭᠤᠷᠢ ᠲᠣᠭ᠎ᠠ ᠵᠢ ᠲᠣᠳᠣᠷᠬᠠᠶ ᠣᠶ᠋ᠢᠯᠠᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠬᠦᠴᠦᠨ ᠵᠶ᠋ᠠᠨ ᠡᠷᠭᠦᠬᠦ ᠬᠡᠷᠡᠭᠲᠡᠶ ᠭᠡᠵᠡᠶ᠃


W020231108579175854636.jpg


    

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠢ᠌ᠲᠡ ᠵᠢᠨ ᠤᠢ᠌ᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠣᠯᠪᠠᠰᠤᠷᠠᠭᠤᠯᠤᠯ᠎ᠤᠨ ᠠᠩᠭᠢ ᠡᠷᠭᠢᠯᠡᠪᠡ
2023 ᠣᠨ᠎ᠤ ᠪᠥᠬᠥ ᠣᠷᠣᠨ᠎ᠤ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ
ᠣᠶᠤᠨᠴᠢ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠳᠡᠯᠡᠬᠡᠶ ᠵᠢᠨ ᠪᠥᠮᠪᠥᠷᠴᠡᠭ ᠵᠶ᠋ᠡᠨ ᠬᠠᠮᠠᠭ᠋ᠠᠯᠠᠶ᠎ᠠ —2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠭᠡᠷ 2024 ᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠪᠦᠷᠢᠯᠳᠦᠬᠦᠨ ᠨᠢᠭᠡᠴᠢ ᠵᠢᠨ ᠬᠤᠷᠠᠯ ᠬᠤᠷᠠᠯᠳᠤᠭᠤᠯᠪᠠ
 
             蒙ICP备05000248号