ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠰᠬᠠᠶ ᠠᠵᠢᠯ᠎ᠤᠨ ᠳᠤᠭᠤᠶ᠋ᠢᠯᠠᠩ ᠬᠥᠯᠥᠨ ᠪᠣᠶ᠋ᠢᠷ ᠬᠣᠲᠠ᠎ᠳᠤ ᠬᠦᠷᠴᠦ ᠵᠠᠰᠠᠭ ᠵᠠᠬᠢᠷᠭ᠋ᠠᠨ᠎ᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠢ ᠵᠢᠯᠣᠭᠣᠳᠪᠠ
ᠨᠡᠶ᠋ᠢᠲᠡᠯᠡᠭᠰᠡᠨ ᠴᠠᠭ᠄ 2023-03-16


    ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠣᠣᠱᠯᠠᠭᠤᠯᠵᠤ᠂ ᠵᠠᠰᠠᠭ ᠵᠠᠬᠢᠷᠭ᠋ᠠᠨ᠎ᠤ ᠬᠢᠨᠠᠨ ᠬᠠᠷᠭᠤᠭᠤᠯᠬᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠨᠢᠭᠡᠴᠡ᠎ᠳᠤ ᠴᠢᠨᠠᠷ ᠰᠠᠶ᠋ᠢᠲᠠᠶ᠂ ᠥᠨᠳᠥᠷ ᠪᠦᠲᠦᠮᠵᠢᠲᠡᠶ᠂ ᠳᠥᠭᠥᠮ ᠳᠥᠲᠡ ᠦᠢ᠍ᠯᠡᠴᠢᠯᠡᠭᠡ ᠬᠠᠩᠭ᠋ᠠᠬᠤ ᠵᠢᠨ ᠲᠤᠰᠠᠳᠠ᠂ 3 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠰᠬᠠᠶ ᠠᠵᠢᠯ᠎ᠤᠨ ᠳᠤᠭᠤᠶ᠋ᠢᠯᠠᠩ ᠬᠥᠯᠥᠨ ᠪᠣᠶ᠋ᠢᠷ ᠬᠣᠲᠠ᠎ᠳᠤ ᠬᠦᠷᠴᠦ᠂ ᠬᠥᠯᠥᠨ ᠪᠣᠶ᠋ᠢᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠯ᠎ᠡ ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠨᠢᠭᠡᠴᠡ᠂ ᠲᠥᠷᠥᠯ ᠵᠦᠢ᠍ᠯ ᠮᠡᠳᠡᠭᠦᠯᠬᠦ ᠨᠢᠭᠡᠴᠡ᠎ᠳᠤ ᠬᠠᠮᠠᠭ᠋ᠠᠯᠠᠯᠲᠠ ᠵᠢᠨ ᠭᠠᠵᠠᠷ᠎ᠤᠨ   ᠲᠤᠬᠠᠢ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠤᠨ ᠵᠢᠯᠤᠭᠤᠳᠤᠯᠭ᠎ᠠ ᠬᠢᠭᠰᠡᠨ ᠪᠠᠢ᠌ᠨ᠎ᠠ᠃




    ᠠᠵᠢᠯᠯᠠᠬᠤ ᠳᠤᠭᠤᠶ᠋ᠢᠯᠠᠩ᠎ᠤᠨ᠎ᠬᠢᠨ ᠬᠥᠯᠥᠨ ᠪᠤᠢ᠍ᠢ᠍ᠷ ᠬᠤᠳᠠ ᠵᠢᠨ 2023 ᠣᠨ᠎ᠳᠤ ᠭᠤᠶᠤᠴᠢᠯᠠᠨ ᠮᠡᠳᠡᠭᠦᠯᠬᠦ᠎ᠪᠠᠷ ᠪᠠᠶ᠋ᠢᠭ᠎ᠠ ᠪᠠ ᠬᠢᠨᠠᠨ ᠵᠦᠪᠰᠢᠶᠡᠷᠡᠯ᠎ᠤᠨ ᠶᠠᠪᠤᠴᠠ᠎ᠳᠤ ᠪᠠᠶ᠋ᠢᠭ᠎ᠠ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠵᠡᠷᠭᠡ ᠬᠠᠮᠢᠶ᠎ᠠ ᠪᠦᠬᠦᠢ ᠠᠰᠠᠭᠤᠳᠠᠯ᠎ᠳᠤ ᠲᠤᠬᠠᠢ ᠲᠠᠯᠠᠪᠠᠢ ᠵᠢᠨ ᠵᠢᠯᠤᠭᠤᠳᠤᠯᠭ᠎ᠠ ᠪᠠ ᠬᠠᠷᠢᠭᠤᠯᠲᠠ ᠦᠭᠪᠡ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠡᠪᠴᠢᠶ᠎ᠡ ᠵᠢᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠠᠬᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠵᠠᠰᠠᠭ ᠵᠠᠬᠢᠷᠭ᠋ᠠᠨ᠎ᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠰ ᠳᠠᠷᠠᠭ᠋ᠠᠯᠠᠯ᠎ᠢ ᠲᠠᠢ᠌ᠯᠪᠤᠷᠢᠯᠠᠨ ᠲᠣᠳᠣᠷᠬᠠᠶ᠋ᠢᠯᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠲᠠᠨᠢᠯᠴᠠᠭᠤᠯᠪᠠ᠃
    ᠬᠤᠷᠠᠯ᠎ᠤᠨ ᠲᠠᠷᠠᠭ᠎ᠠ᠂ ᠠᠵᠢᠯᠯᠠᠬᠤ ᠳᠤᠭᠤᠶ᠋ᠢᠯᠠᠩ᠎ᠤᠨ᠎ᠬᠢᠨ ᠬᠠᠶ᠋ᠢᠯᠠᠷ᠎ᠤᠨ ᠪᠠᠷᠠᠭᠤᠨ ᠠᠭᠤᠯᠠ ᠵᠢᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠣᠯᠪᠣᠭᠳᠠᠯ ᠪᠦᠬᠦᠢ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠲᠤᠬᠠᠢ ᠵᠢᠨ ᠲᠠᠯᠠᠪᠠᠢ᠎ᠳᠤ ᠰᠢᠨᠵᠢᠯᠡᠨ ᠪᠠᠶ᠋ᠢᠴᠠᠭ᠋ᠠᠪᠠ᠃ ᠲᠣᠰ ᠤᠳᠠᠭ᠋ᠠᠨ᠎ᠤ ᠲᠤᠬᠠᠶ ᠵᠢᠨ ᠲᠠᠯᠠᠪᠤᠷ᠎ᠤᠨ ᠵᠢᠯᠤᠭᠤᠳᠤᠯᠭ᠎ᠠ ᠵᠢᠨ ᠠᠵᠢᠯ᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠥᠷᠥ ᠵᠢᠨ ᠪᠣᠳᠣᠯᠭ᠎ᠠ ᠵᠢ ᠤᠬᠠᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠦᠢ᠍ᠯᠡᠳᠦᠯ᠎ᠲᠠᠢ ᠪᠠᠢ᠌ᠵᠤ᠂ ᠦᠨᠳᠦᠰᠦᠨ ᠱᠠᠲᠤᠨ᠎ᠳᠤ ᠬᠠᠤᠯᠢ ᠲᠣᠭᠲᠠᠭ᠋ᠠᠯ ᠶᠣᠰᠣᠭ᠋ᠠᠷ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠠᠷᠭ᠎ᠠ ᠵᠠᠮ᠎ᠢ ᠲᠣᠳᠣᠷᠬᠠᠶ ᠲᠣᠭᠲᠠᠭ᠋ᠠᠨ ᠥᠭᠴᠦ᠂ ᠠᠶ᠋ᠢᠮᠠᠭ ᠬᠣᠲᠠ ᠵᠢᠨ ᠬᠠᠮᠢᠶ᠎ᠠ ᠪᠥᠬᠥᠶ ᠬᠠᠮᠢᠶᠠᠷᠤᠯᠲᠠ ᠵᠢᠨ ᠨᠢᠭᠡᠴᠡ ᠪᠠ ᠪᠥᠲᠥᠭᠡᠨ ᠪᠠᠶ᠋ᠢᠭᠤᠯᠤᠯᠲᠠ ᠵᠢᠨ ᠨᠢᠭᠡᠴᠡ ᠵᠢᠨ ᠬᠦᠷᠢᠶᠡᠯᠡᠯ ᠪᠠ ᠰᠠᠶ᠋ᠢᠨ ᠦᠨᠡᠯᠡᠯᠲᠡ ᠵᠢ ᠣᠯᠵᠤ   ᠪᠣᠳᠠᠲᠤ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠸᠠᠩ ᠵᠣᠣ ᠱᠧᠩ ᠪᠤᠭᠤᠲᠤ ᠬᠣᠲᠠ᠎ᠳᠤ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠳᠦᠷᠢᠮ᠎ᠠᠴᠠ ᠵᠥᠷᠢᠴᠡᠭᠰᠡᠨ ᠠᠰᠠᠭᠤᠳᠠᠯ᠎ᠢ ᠪᠠᠶ᠋ᠢᠩᠭᠤᠵᠢᠭᠤᠯᠤᠨ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
《ᠭᠠᠯ ᠲᠦᠢ᠍ᠮᠡᠷ᠎ᠢ ᠤᠨᠲᠠᠷᠠᠭ᠋ᠠᠬᠤ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠭᠤᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠵᠡᠢ
ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠬᠢᠨᠠᠨ ᠬᠡᠮᠵᠢᠯᠲᠡ ᠵᠢᠨ ᠨᠤᠲᠤᠭ ᠪᠡᠯᠴᠢᠭᠡᠷ᠎ᠤᠨ ᠥᠯᠢᠭᠡᠷ ᠭᠠᠵᠠᠷ᠎ᠤᠨ ᠪᠠᠶ᠋ᠢᠴᠠᠭ᠋ᠠᠯᠲᠠ ᠵᠢᠨ ᠠᠵᠢᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠥᠪᠵᠢᠭᠦᠯᠭᠡ ᠵᠢᠨ ᠬᠦᠷᠢᠶᠠᠯᠠᠩ᠎ᠤᠨ ᠪᠠᠢ᠌ᠴᠭ᠋ᠠᠠᠨ ᠰᠢᠯᠭ᠋ᠠᠯᠲᠠ ᠵᠢ ᠦᠩᠭᠡᠷᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠦᠵᠡᠰᠬᠦᠯᠡᠩ᠎ᠤᠨ ᠪᠥᠬᠥ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠲᠠᠢ᠌ᠴᠢᠯᠠᠯᠳᠠ ᠵᠢᠨ ᠬᠤᠷᠠᠯ᠎ᠳᠤ ᠤᠷᠤᠯᠴᠠᠪᠠ
ᠦᠷ᠎ᠡ ᠴᠢᠬᠢ ᠵᠢᠨ ᠶᠡᠷᠦᠩᠬᠡᠶ ᠥᠷᠲᠡᠭᠡ ᠪᠥᠬᠥ ᠣᠷᠣᠨ᠎ᠤ ᠡᠪᠡᠰᠦᠨ ᠦᠷ᠎ᠡ ᠵᠢᠨ ᠰᠠᠭᠤᠷᠢᠨ ᠭᠠᠵᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ
 
             蒙ICP备05000248号