ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2023 ᠣᠨ᠎ᠤ ᠡᠷᠲᠡᠨ᠎ᠤ ᠮᠣᠳᠣᠨ᠎ᠤ ᠬᠠᠮᠠᠭ᠋ᠠᠯᠠᠯᠲᠠ ᠵᠢᠨ ᠵᠢᠷᠤᠭ ᠲᠦᠯᠦᠪᠯᠡᠯᠭᠡ ᠵᠢᠨ ᠲᠥᠰᠦᠯ᠎ᠤᠨ ᠪᠠᠶ᠋ᠢᠴᠠᠭ᠋ᠠᠯᠲᠠ ᠵᠢᠨ ᠠᠵᠢᠯ᠎ᠢ ᠵᠢᠩᠬᠢᠨᠢ᠎ᠪᠠᠷ ᠡᠬᠢᠯᠡᠭᠦᠯᠪᠡ
ᠨᠡᠶ᠋ᠢᠲᠡᠯᠡᠭᠰᠡᠨ ᠴᠠᠭ᠄ 2023-03-16

     2021 ᠣᠨ᠎ᠳᠤ ᠬᠥᠬᠡᠬᠣᠲᠠ ᠡᠷᠲᠡᠨ᠎ᠤ ᠮᠣᠳᠣ ᠵᠢ ᠬᠠᠮᠠᠭ᠋ᠠᠯᠠᠬᠤ ᠢᠨᠵᠧᠨᠧᠷᠢᠩ᠎ᠢ ᠵᠢᠩᠬᠢᠨᠢ᠎ᠪᠠᠷ ᠡᠬᠢᠯᠡᠨ ᠬᠡᠷᠡᠭᠵᠢᠭᠦᠯᠵᠦ᠂ ᠣᠲᠣ ᠪᠣᠯᠲᠠᠯ᠎ᠠ᠂ ᠨᠢᠭᠡᠨᠲᠡ 18 ᠰᠠᠭᠤᠷᠢ ᠨᠢᠭᠡᠳᠦᠭᠡᠷ ᠳᠡᠰ᠎ᠤᠨ ᠡᠷᠲᠡᠨ᠎ᠤ ᠮᠣᠳᠣ᠂ 4 ᠰᠠᠭᠤᠷᠢ ᠬᠣᠶᠠᠳᠤᠭ᠋ᠠᠷ ᠳᠡᠰ᠎ᠤᠨ ᠡᠷᠲᠡᠨ᠎ᠤ ᠮᠣᠳᠣ᠂ 21 ᠰᠠᠭᠤᠷᠢ ᠭᠤᠷᠪᠠᠳᠤᠭ᠋ᠠᠷ ᠳᠡᠰ᠎ᠤᠨ ᠡᠷᠲᠡᠨ᠎ᠤ ᠮᠣᠳᠣ ᠵᠢ ᠬᠠᠮᠠᠭ᠋ᠠᠯᠠᠬᠤ ᠪᠠ ᠢᠳᠡᠷᠵᠢᠭᠦᠯᠬᠦ ᠠᠵᠢᠯ᠎ᠢ ᠪᠡᠶᠡᠯᠡᠭᠦᠯᠵᠦ᠂ ᠮᠠᠰᠢ ᠰᠠᠶ᠋ᠢᠨ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃




      ᠡᠷᠲᠡᠨ᠎ᠤ ᠮᠣᠳᠣ ᠨᠡᠷᠡᠲᠦ ᠮᠣᠳᠣ ᠵᠢ ᠬᠠᠮᠠᠭ᠋ᠠᠯᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠷᠲᠡᠨ᠎ᠤ ᠮᠣᠳᠣ ᠨᠡᠷᠡᠲᠦ ᠮᠣᠳᠣ ᠵᠢ ᠬᠠᠮᠠᠭ᠋ᠠᠯᠠᠬᠤ ᠢᠨᠵᠧᠨᠧᠷᠢᠩ᠎ᠢ 《2023 ᠣᠨ᠎ᠤ ᠣᠶ ᠰᠢᠭᠤᠶ   ᠨᠤᠲᠤᠭ ᠪᠡᠯᠴᠢᠭᠡᠷ᠎ᠤᠨ ᠬᠦᠷᠢᠶᠡᠨ᠎ᠤ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠬᠡᠷᠡᠭᠵᠢᠬᠦᠯᠬᠦ ᠲᠦᠯᠦᠪᠯᠡᠯᠭᠡ》᠎ᠳᠤ ᠣᠷᠣᠭᠤᠯᠵᠤ᠂ 3 ᠰᠠᠷ᠎ᠠ ᠵᠢᠨ 5᠎ᠤ ᠡᠳᠦᠷ᠎ᠠᠴᠠ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠲᠤᠬᠠᠢ ᠵᠢᠨ ᠭᠠᠵᠠᠷ᠎ᠤᠨ ᠪᠠᠢ᠌ᠴᠠᠭ᠋ᠠᠯᠳᠠ ᠬᠢᠵᠦ᠂ ᠬᠣᠲᠠ ᠵᠢᠨ ᠲᠣᠭᠣᠷᠢᠭ ᠵᠢᠴᠢ ᠡᠷᠭᠢᠨ ᠲᠣᠭᠣᠷᠢᠨ᠎ᠤ ᠬᠣᠰᠢᠭᠤ ᠰᠢᠶᠠᠨ᠎ᠤ ᠤᠢ ᠮᠣᠳᠣᠨ᠎ᠤ ᠤᠷᠭᠤᠯᠳᠠ ᠵᠢᠨ ᠪᠠᠢ᠌ᠳᠠᠯ ᠵᠢᠴᠢ ᠤᠷᠭᠤᠯᠲᠠ ᠵᠢᠨ ᠣᠷᠴᠢᠨ ᠲᠣᠭᠣᠷᠢᠨ ᠠᠨᠠᠶ 25 ᠰᠠᠭᠤᠷᠢ ᠡᠷᠲᠡᠨ᠎ᠤ ᠮᠣᠳᠣ ᠵᠢ ᠰᠣᠩᠭᠣᠵᠤ᠂ 《ᠨᠢᠭᠡ ᠮᠣᠳᠣᠨ᠎ᠳᠤ ᠨᠢᠭᠡ ᠠᠷᠭ᠎ᠠ ᠪᠣᠳᠣᠯᠭ᠎ᠠ ᠲᠣᠭᠲᠠᠭ᠋ᠠᠬᠤ》 ᠵᠠᠷᠴᠢᠮ ᠶᠣᠰᠣᠭ᠋ᠠᠷ᠂ ᠠᠶᠤᠩᠭ᠎ᠠ᠎ᠠᠴᠠ ᠵᠠᠶ᠋ᠢᠯᠠᠬᠤ ᠲᠦᠬᠦᠭᠡᠷᠤᠮᠵᠢ ᠤᠭᠰᠠᠷᠠᠬᠤ᠂ ᠬᠤᠪᠠᠬᠠᠶ ᠮᠥᠴᠢᠷ᠎ᠢ ᠰᠢᠢ᠍ᠳᠪᠦᠷᠢᠯᠡᠬᠦ᠂ ᠮᠣᠳᠣᠨ᠎ᠤ ᠨᠦᠬᠡ ᠬᠤᠩᠬᠢᠯ᠎ᠢ ᠪᠥᠭᠯᠡᠬᠦ᠂ ᠮᠣᠳᠣᠨ᠎ᠤ ᠡᠰᠢᠨ᠎ᠳᠤ ᠬᠤᠭᠤᠷᠠᠬᠤ᠎ᠠᠴᠠ ᠰᠡᠷᠭᠡᠢ᠌ᠯᠡᠬᠦ ᠲᠤᠯᠭ᠋ᠠᠭᠤᠷᠢ ᠵᠤᠬᠢᠶᠠᠬᠤ᠂ ᠬᠥᠷᠥᠰᠥ ᠰᠢᠷᠣᠶ ᠵᠢ   ᠰᠢᠢ᠍ᠳᠪᠦᠷᠢᠯᠡᠬᠦ᠂ ᠮᠤᠳᠤᠨ᠎ᠤ ᠡᠰᠢ ᠦᠨᠳᠦᠰᠦ ᠵᠢᠨ ᠬᠡᠰᠡᠭ᠎ᠢ ᠴᠢᠭᠢᠷᠠᠭᠵᠢᠭᠤᠯᠬᠤ᠂ ᠨᠠᠪᠴᠢᠨ᠎ᠳᠤ ᠪᠣᠷᠲᠣᠭᠣᠷ ᠣᠷᠣᠭᠤᠯᠬᠤ᠂ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠡᠷᠭᠡ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠵᠢᠨ ᠲᠣᠭᠣᠷᠢᠨ᠎ᠳᠤ 《2023 ᠣᠨ᠎ᠤ ᠡᠷᠲᠡᠨ᠎ᠤ ᠮᠣᠳᠣ ᠵᠢ ᠬᠠᠮᠠᠭ᠋ᠠᠯᠠᠬᠤ ᠪᠠ ᠰᠡᠷᠭᠦᠭᠡᠬᠦ ᠲᠥᠯᠥᠪᠯᠡᠭᠡ ᠵᠢᠨ ᠲᠥᠰᠦᠯ》᠎ᠢ 3 ᠰᠠᠷ᠎ᠠ ᠵᠢᠨ 25᠎ᠤ ᠡᠳᠦᠷ᠎ᠠᠴᠠ ᠡᠮᠦᠨ᠎ᠡ ᠨᠠᠶ᠋ᠢᠷᠠᠭᠤᠯᠤᠨ ᠲᠠᠭᠤᠰᠬᠠᠵᠤ᠂ ᠲᠤᠰᠬᠠᠶ ᠮᠡᠷᠭᠡᠵᠢᠯᠲᠡᠨ ᠵᠶ᠋ᠠᠷ ᠬᠢᠨᠠᠨ ᠲᠣᠭᠲᠠᠭ᠋ᠠᠯᠭ᠋ᠠᠵᠤ ᠨᠤᠲᠠᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠦᠨ᠎ᠡ᠃ ᠬᠠᠮᠠᠭ᠋ᠠᠯᠠᠯᠲᠠ ᠵᠢᠨ ᠢᠨᠵᠧᠨᠧᠷᠢᠩ᠎ᠢ 4 ᠰᠠᠷ᠎ᠠ ᠵᠢᠨ ᠡᠬᠢ᠎ᠪᠠᠷ ᠵᠢᠩᠬᠢᠨᠢ᠎ᠪᠠᠷ ᠡᠬᠢᠯᠡᠭᠦᠯᠵᠦ᠂ 9 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠬᠦᠨ᠎ᠢ ᠪᠡᠶᠡᠯᠡᠭᠦᠯᠬᠦ᠎ᠪᠠᠷ ᠪᠤᠢ᠃




     《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠡᠷᠲᠡᠨ᠎ᠤ ᠮᠣᠳᠣ ᠨᠠᠷᠠᠲᠤ ᠮᠣᠳᠣ ᠵᠢ ᠠᠷᠠᠴᠢᠯᠠᠨ ᠬᠠᠮᠠᠭ᠋ᠠᠯᠠᠬᠤ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠷᠲᠡᠨ᠎ᠤ ᠮᠣᠳᠣᠨ᠎ᠤ ᠤᠷᠭᠤᠯᠲᠠ ᠵᠢᠨ ᠪᠠᠶ᠋ᠢᠳᠠᠯ ᠪᠠ ᠣᠷᠴᠢᠨ ᠲᠣᠭᠣᠷᠢᠨ᠎ᠤ ᠬᠤᠪᠢᠷᠠᠯᠲᠠ ᠵᠢ ᠴᠠᠭ ᠲᠤᠬᠠᠶ᠎ᠳᠤᠨᠢ ᠡᠵᠡᠮᠰᠢᠨ᠂ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠡᠷᠲᠡᠨ᠎ᠤ ᠮᠣᠳᠣ ᠵᠢ ᠬᠠᠮᠠᠭ᠋ᠠᠯᠠᠬᠤ ᠪᠠ ᠢᠳᠡᠷᠵᠢᠭᠦᠯᠬᠦ ᠢᠨᠵᠧᠨᠧᠷᠢᠩ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠡᠷᠲᠡᠨ᠎ᠤ ᠮᠣᠳᠣ ᠨᠠᠷᠠᠲᠤ ᠮᠣᠳᠣᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠠᠬᠢ ᠴᠢᠬᠤᠯᠠ   ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ ᠪᠤᠢ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠰᠬᠠᠶ ᠠᠵᠢᠯ᠎ᠤᠨ ᠳᠤᠭᠤᠶ᠋ᠢᠯᠠᠩ ᠬᠥᠯᠥᠨ ᠪᠣᠶ᠋ᠢᠷ ᠬᠣᠲᠠ᠎ᠳᠤ ᠬᠦᠷᠴᠦ ᠵᠠᠰᠠᠭ ᠵᠠᠬᠢᠷᠭ᠋ᠠᠨ᠎ᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠢ ᠵᠢᠯᠣᠭᠣᠳᠪᠠ
ᠸᠠᠩ ᠵᠣᠣ ᠱᠧᠩ ᠪᠤᠭᠤᠲᠤ ᠬᠣᠲᠠ᠎ᠳᠤ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠳᠦᠷᠢᠮ᠎ᠠᠴᠠ ᠵᠥᠷᠢᠴᠡᠭᠰᠡᠨ ᠠᠰᠠᠭᠤᠳᠠᠯ᠎ᠢ ᠪᠠᠶ᠋ᠢᠩᠭᠤᠵᠢᠭᠤᠯᠤᠨ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
《ᠭᠠᠯ ᠲᠦᠢ᠍ᠮᠡᠷ᠎ᠢ ᠤᠨᠲᠠᠷᠠᠭ᠋ᠠᠬᠤ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠭᠤᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠵᠡᠢ
ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠬᠢᠨᠠᠨ ᠬᠡᠮᠵᠢᠯᠲᠡ ᠵᠢᠨ ᠨᠤᠲᠤᠭ ᠪᠡᠯᠴᠢᠭᠡᠷ᠎ᠤᠨ ᠥᠯᠢᠭᠡᠷ ᠭᠠᠵᠠᠷ᠎ᠤᠨ ᠪᠠᠶ᠋ᠢᠴᠠᠭ᠋ᠠᠯᠲᠠ ᠵᠢᠨ ᠠᠵᠢᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠥᠪᠵᠢᠭᠦᠯᠭᠡ ᠵᠢᠨ ᠬᠦᠷᠢᠶᠠᠯᠠᠩ᠎ᠤᠨ ᠪᠠᠢ᠌ᠴᠭ᠋ᠠᠠᠨ ᠰᠢᠯᠭ᠋ᠠᠯᠲᠠ ᠵᠢ ᠦᠩᠭᠡᠷᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠦᠵᠡᠰᠬᠦᠯᠡᠩ᠎ᠤᠨ ᠪᠥᠬᠥ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠲᠠᠢ᠌ᠴᠢᠯᠠᠯᠳᠠ ᠵᠢᠨ ᠬᠤᠷᠠᠯ᠎ᠳᠤ ᠤᠷᠤᠯᠴᠠᠪᠠ
 
             蒙ICP备05000248号