3 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠪᠤᠭᠤᠲᠤ ᠬᠣᠲᠠ ᠵᠢᠨ ᠲᠦᠮᠡᠳ ᠪᠠᠷᠠᠭᠤᠨ ᠬᠣᠰᠢᠭᠤᠨ᠎ᠳᠤ ᠭᠦᠨᠵᠡᠭᠡᠶ᠋ᠢᠷᠡᠵᠦ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠦᠯᠢ ᠳᠦᠷᠢᠮ᠎ᠠᠴᠠ ᠵᠥᠷᠢᠴᠡᠭᠰᠡᠨ ᠠᠰᠠᠭᠤᠳᠠᠯ᠎ᠢ ᠪᠠᠶ᠋ᠢᠩᠭᠤᠵᠢᠭᠤᠯᠤᠨ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ᠃ ᠸᠠᠩ ᠵᠤᠤ ᠱᠧᠩ ᠲᠤᠪᠴᠢᠶᠠᠨ ᠳᠠᠷᠤᠭ᠎ᠠ ᠰᠠᠨ ᠲᠢᠶᠠᠨ᠂ ᠰᠧ ᠳ᠋ᠤᠤ ᠭ᠋ᠸᠤ ᠨᠡᠭᠦᠷᠡᠰᠦᠨ ᠠᠭᠤᠷᠬᠠᠢ᠎ᠳᠤ ᠬᠦᠷᠴᠦ᠂ ᠲᠤᠬᠠᠢ ᠵᠢᠨ ᠲᠠᠯᠠᠪᠠᠢ᠎ᠳᠤ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠰᠢᠨᠵᠢᠯᠡᠵᠦ᠂ ᠭᠠᠵᠠᠷ ᠰᠢᠷᠣᠢ ᠵᠢ ᠡᠵᠡᠯᠡᠨ ᠬᠡᠷᠡᠭᠯᠡᠭᠰᠡᠨ ᠲᠥᠯᠥᠪᠦᠷᠢ ᠮᠦᠩᠬᠦ᠎ᠪᠠᠨ ᠤᠳᠠᠭ᠋ᠠᠰᠢᠷᠠᠭᠤᠯᠤᠭᠰᠠᠨ ᠠᠰᠠᠭᠤᠳᠠᠯ᠎ᠢ ᠰᠢᠢ᠍ᠳᠪᠦᠷᠢᠯᠡᠭᠰᠡᠨ ᠪᠠᠶ᠋ᠢᠳᠠᠯ᠎ᠢ ᠪᠠᠢ᠌ᠴᠠᠭ᠋ᠠᠨ ᠤᠢ᠌ᠯᠠᠭ᠋ᠠᠭᠰᠠᠨ ᠪᠥᠭᠡᠳ ᠪᠤᠭᠤᠲᠤ ᠬᠤᠳᠠ ᠵᠢᠨ ᠵᠠᠰᠠᠭ᠎ᠤᠨ ᠣᠷᠳᠣᠨ᠂ ᠲᠦᠮᠡᠳ ᠪᠠᠷᠠᠭᠤᠨ ᠬᠣᠰᠢᠭᠤᠨ᠎ᠤ ᠵᠠᠰᠠᠭ᠎ᠤᠨ ᠣᠷᠳᠣᠨ᠎ᠲᠠᠢ ᠶᠠᠷᠢᠯᠴᠠᠯᠭ᠎ᠠ ᠬᠢᠭᠰᠡᠨ ᠪᠠᠢ᠌ᠨ᠎ᠠ᠃
ᠸᠠᠩ ᠵᠤᠤ ᠱᠧᠩ ᠲᠤᠪᠴᠢᠶᠠᠨ ᠳᠠᠷᠤᠭ᠎ᠠ ᠴᠢᠬᠤᠯᠠᠴᠢᠯᠠᠭᠰᠠᠨ᠎ᠨᠢ᠂ ᠨᠢᠭᠡ᠎ᠳᠤ᠂ ᠤᠯᠤᠰ ᠲᠦᠷᠦ ᠵᠢᠨ ᠡᠭᠦᠷᠭᠡᠯᠡᠯ ᠵᠶ᠋ᠠᠨ ᠴᠢᠩᠭ᠋ᠠᠳᠬᠠᠬᠤ ᠬᠡᠷᠡᠭᠲᠡᠢ᠃ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠳᠦᠷᠢᠮ᠎ᠠᠴᠠ ᠵᠥᠷᠢᠴᠡᠭᠰᠡᠨ ᠠᠰᠠᠭᠤᠳᠠᠯ᠎ᠢ ᠴᠡᠭᠴᠡᠯᠡᠨ ᠵᠠᠰᠠᠬᠤ ᠪᠣᠯ ᠨᠢᠭᠡ ᠵᠦᠢ᠍ᠯ᠎ᠤᠨ ᠤᠯᠤᠰ ᠲᠥᠷᠥ ᠵᠢᠨ ᠲᠦᠪ ᠴᠢᠩᠭ᠎ᠠ ᠠᠵᠢᠯ ᠮᠥᠨ᠂ ᠣᠯᠠᠨ ᠵᠶ᠋ᠠᠷ ᠵᠶ᠋ᠠᠨ ᠡᠷᠬᠡᠪᠰᠢ ᠲᠠᠨᠢᠯᠲᠠ᠎ᠪᠠᠨ ᠳᠡᠭᠡᠭᠰᠢᠯᠡᠭᠦᠯᠵᠦ᠂ ᠪᠠᠢ᠌ᠩᠭᠤᠵᠢᠭᠤᠯᠤᠨ ᠵᠠᠰᠠᠬᠤ ᠠᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ ᠰᠢᠨ᠎ᠡ ᠱᠠᠭ᠋ᠠᠷᠳᠠᠯᠭ᠎ᠠ᠂ ᠴᠢᠩᠭ᠎ᠠ ᠪᠠᠷᠢᠮᠵᠢᠶ᠎ᠠ᠂ ᠪᠣᠳᠠᠲᠠᠶ ᠠᠷᠭ᠎ᠠ ᠬᠡᠮᠵᠢᠶ᠎ᠡ᠎ᠪᠠᠷ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠵᠤ᠂ ᠠᠰᠠᠭᠤᠳᠠᠯ᠎ᠢ ᠴᠡᠭᠴᠡᠯᠡᠨ ᠵᠠᠰᠠᠬᠤ ᠵᠢ ᠱᠠᠯᠠᠪᠳᠠᠨ ᠠᠬᠢᠭᠤᠯᠬᠤ ᠬᠡᠷᠡᠭᠲᠡᠶ᠃ ᠬᠣᠶᠠᠷ᠎ᠲᠤ᠂ ᠠᠰᠠᠭᠤᠳᠠᠯ᠎ᠢ ᠲᠥᠪᠯᠡᠷᠡᠭᠦᠯᠵᠦ᠂ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠣᠳᠣᠬᠠᠨ᠎ᠤ ᠠᠵᠢᠯ᠎ᠤᠨ ᠠᠬᠢᠴᠠ ᠵᠢᠨ ᠪᠠᠶ᠋ᠢᠳᠠᠯ᠎ᠠᠴᠠ ᠦᠵᠡᠪᠡᠯ᠂ ᠲᠣᠭᠲᠠᠭᠰᠠᠨ ᠬᠤᠭᠤᠴᠠᠭ᠋ᠠᠨ᠎ᠳᠤ ᠡᠭᠦᠷᠭᠡ᠎ᠪᠠᠨ ᠪᠡᠶᠡᠯᠡᠭᠦᠯᠬᠦ ᠴᠠᠭ ᠮᠠᠰᠢ ᠪᠠᠴᠢᠮ᠂ ᠡᠭᠦᠷᠭᠡ ᠮᠠᠰᠢ ᠬᠦᠨᠳᠦ᠂ ᠳᠠᠷᠤᠯᠲᠠ ᠮᠠᠰᠢ ᠶᠡᠬᠡ ᠪᠠᠶ᠋ᠢᠨ᠎ᠠ᠃ ᠪᠤᠭᠤᠲᠤ ᠬᠣᠲᠠ ᠵᠢᠨ ᠵᠠᠰᠠᠭ᠎ᠤᠨ ᠣᠷᠳᠣᠨ᠂ ᠲᠦᠮᠡᠳ ᠪᠠᠷᠠᠭᠤᠨ ᠬᠣᠰᠢᠭᠤᠨ᠎ᠤ ᠵᠠᠰᠠᠭ᠎ᠤᠨ ᠣᠷᠳᠣᠨ ᠠᠵᠢᠯ᠎ᠤᠨ ᠬᠤᠭᠤᠴᠠᠭ᠎ᠠ᠎ᠪᠠᠨ ᠲᠤᠬᠢᠷᠠᠭᠤᠯᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠬᠦᠴᠢᠷ᠎ᠢ ᠢᠯᠠᠨ ᠳᠠᠪᠠᠵᠤ᠂ ᠪᠠᠶ᠋ᠢᠩᠭᠤᠵᠢᠭᠰᠠᠨ ᠵᠠᠰᠠᠯᠲᠠ ᠵᠢᠨ ᠡᠭᠦᠷᠭᠡ ᠵᠢ ᠡᠷᠲᠡᠬᠡᠨ ᠪᠡᠶᠡᠯᠡᠭᠦᠯᠬᠦ᠎ᠪᠠᠷ ᠴᠢᠷᠮᠠᠶ᠋ᠢᠬᠤ ᠬᠡᠷᠡᠭᠲᠡᠶ᠃ ᠭᠤᠷᠪᠠ᠎ᠳᠤ᠂ ᠠᠷᠭ᠎ᠠ ᠰᠦᠪᠡᠭᠴᠢᠯᠡᠨ᠂ ᠬᠠᠤᠯᠢ᠎ᠳᠤ ᠬᠣᠯᠪᠣᠭᠳᠠᠭᠰᠠᠨ ᠵᠠᠷᠭᠤ᠎ᠳᠤ ᠬᠣᠯᠪᠣᠭᠳᠠᠭᠰᠠᠨ ᠠᠰᠠᠭᠤᠳᠠᠯ᠎ᠢ ᠠᠯᠢ ᠲᠦᠷᠭᠡᠨ ᠵᠶ᠋ᠠᠷ ᠯᠠᠪᠳᠠᠭᠤᠨ ᠲᠣᠬᠢᠲᠠᠢ ᠰᠢᠢ᠍ᠳᠪᠦᠷᠢᠯᠡᠨ᠎ᠡ᠃ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ᠎ᠳᠤ ᠬᠤᠯᠪᠤᠭᠳᠠᠭᠰᠠᠨ ᠵᠠᠷᠭᠤ᠎ᠳᠤ ᠬᠤᠯᠪᠤᠭᠳᠠᠭᠰᠠᠨ ᠠᠰᠠᠭᠤᠳᠠᠯ᠎ᠨᠢ ᠪᠤᠳᠤᠯᠢᠶᠠᠨᠲᠠᠢ᠂ ᠰᠢᠢ᠍ᠳᠪᠦᠷᠢᠯᠡᠬᠦ ᠬᠤᠭᠤᠴᠠᠭ᠎ᠠ᠎ᠨᠢ ᠤᠷᠳᠤ᠂ ᠲᠤᠰᠠᠭ᠋ᠠᠷ ᠵᠶ᠋ᠠᠨ ᠬᠠᠤᠯᠢ ᠴᠠᠭ᠋ᠠᠵᠠ ᠵᠢᠨ ᠠᠷᠭ᠎ᠠ ᠪᠠᠷᠢᠯ᠎ᠳᠤ ᠲᠦᠰᠢᠭᠯᠡᠭᠡᠳ ᠭᠠᠵᠠᠷ ᠰᠢᠷᠣᠢ ᠡᠵᠡᠯᠡᠨ ᠬᠡᠷᠡᠭᠯᠡᠬᠦ ᠲᠦᠯᠦᠪᠦᠷᠢ ᠮᠦᠩᠬᠦ᠎ᠪᠠᠨ ᠤᠳᠠᠭ᠋ᠠᠰᠢᠷᠠᠭᠤᠯᠤᠭᠰᠠᠨ ᠠᠰᠠᠭᠤᠳᠠᠯ᠎ᠢ ᠠᠯᠢ ᠲᠦᠷᠭᠡᠨ ᠵᠶ᠋ᠠᠷ ᠪᠦᠲᠦᠮᠵᠢᠲᠡᠢ ᠰᠢᠢ᠍ᠳᠪᠦᠷᠢᠯᠡᠵᠦ ᠴᠢᠳᠠᠬᠤ ᠦᠭᠡᠢ ᠶᠤᠮ᠃ ᠪᠤᠭᠤᠲᠤ ᠬᠣᠲᠠ ᠵᠢᠨ ᠵᠠᠰᠠᠭ᠎ᠤᠨ ᠣᠷᠳᠣᠨ᠂ ᠲᠦᠮᠡᠳ ᠪᠠᠷᠠᠭᠤᠨ ᠬᠣᠰᠢᠭᠤᠨ᠎ᠤ ᠵᠠᠰᠠᠭ᠎ᠤᠨ ᠣᠷᠳᠣᠨ ᠵᠠᠰᠠᠭ ᠵᠠᠬᠢᠷᠭ᠎ᠠ᠂ ᠠᠵᠤ ᠠᠬᠤᠶ᠂ ᠬᠠᠤᠯᠢ ᠴᠠᠭ᠋ᠠᠵᠠ ᠵᠡᠷᠭᠡ ᠠᠷᠭ᠎ᠠ ᠪᠠᠷᠢᠯ᠎ᠢ ᠬᠦᠢ᠍ᠴᠡᠳ ᠬᠡᠷᠡᠭᠯᠡᠨ᠂ ᠬᠠᠤᠯᠢ᠎ᠳᠤ ᠬᠤᠯᠪᠤᠭᠳᠠᠭᠰᠠᠨ ᠵᠠᠷᠭᠤ᠎ᠳᠤ ᠬᠤᠯᠪᠤᠭᠳᠠᠭᠰᠠᠨ ᠠᠰᠠᠭᠤᠳᠠᠯ᠎ᠢ ᠯᠠᠪᠳᠠᠭᠤᠨ ᠵᠶ᠋ᠠᠷ ᠰᠢᠢ᠍ᠳᠪᠦᠷᠢᠯᠡᠬᠦ ᠬᠡᠷᠡᠭᠲᠡᠶ᠃ ᠠᠰᠠᠭᠤᠳᠠᠯ᠎ᠢ ᠰᠢᠢ᠍ᠳᠪᠦᠷᠢᠯᠡᠬᠦ᠂ ᠶᠡᠬᠡ ᠲᠠᠯ᠎ᠠ᠎ᠳᠤ ᠦᠢ᠍ᠯᠡᠴᠢᠯᠡᠬᠦ᠎ᠳᠤ ᠠᠰᠢᠭᠲᠠᠶ ᠪᠠᠶ᠋ᠢᠯᠭ᠋ᠠᠬᠤ ᠵᠠᠷᠴᠢᠮ ᠶᠣᠰᠣᠭ᠋ᠠᠷ᠂ ᠨᠡᠭᠦᠷᠡᠰᠦᠨ ᠠᠭᠤᠷᠬᠠᠶ ᠵᠢᠨ ᠥᠮᠴᠢᠲᠡᠨᠯᠦᠭᠡ ᠬᠠᠮᠵᠢᠯᠴᠠᠨ ᠵᠥᠪᠳᠡᠯᠴᠡᠵᠦ᠂ ᠲᠦᠯᠦᠪᠦᠷᠢ ᠮᠦᠩᠬᠦ ᠵᠢ ᠨᠡᠬᠡᠮᠵᠢᠯᠡᠨ ᠲᠤᠰᠢᠶᠠᠯᠭ᠋ᠠᠬᠤ ᠠᠬᠢᠴᠠ ᠵᠢ ᠲᠦᠷᠭᠡᠳᠬᠡᠨ᠎ᠡ᠃ ᠲᠦᠷᠪᠡ᠎ᠳᠤ᠂ ᠠᠰᠠᠭᠤᠳᠠᠯ᠎ᠤᠨ ᠮᠥᠨ ᠴᠢᠨᠠᠷ᠎ᠤᠨ ᠠᠬᠢᠴᠠ᠎ᠲᠠᠢ ᠪᠣᠯᠬᠤ ᠵᠢ ᠲᠦᠷᠭᠡᠨ ᠠᠬᠢᠭᠤᠯᠬᠤ ᠬᠡᠷᠡᠭᠲᠡᠢ᠃ ᠪᠤᠭᠤᠲᠤ ᠬᠣᠲᠠ ᠵᠢᠨ ᠵᠠᠰᠠᠭ᠎ᠤᠨ ᠣᠷᠳᠣᠨ᠂ ᠲᠦᠮᠡᠳ ᠪᠠᠷᠠᠭᠤᠨ ᠬᠣᠰᠢᠭᠤᠨ᠎ᠤ ᠵᠠᠰᠠᠭ᠎ᠤᠨ ᠣᠷᠳᠣᠨ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠭᠤᠤᠯ ᠤᠳᠤᠷᠢᠳᠤᠯᠭ᠎ᠠ ᠴᠢᠩᠭ᠎ᠠ ᠠᠩᠬᠠᠷᠴᠤ᠂ ᠲᠤᠤᠱᠲᠠᠶ ᠠᠳᠬᠤᠵᠤ᠂ ᠠᠵᠢᠯ᠎ᠤᠨ ᠠᠬᠢᠴᠠ ᠵᠢ ᠠᠬᠢᠭᠤᠯᠬᠤ ᠬᠡᠷᠡᠭᠲᠡᠶ᠃ ᠨᠢᠭᠡ ᠠᠭᠤᠷᠬᠠᠶ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠬᠦᠯᠵᠦ᠂ ᠨᠢᠭᠡ ᠠᠭᠤᠷᠬᠠᠶ᠎ᠳᠤ ᠨᠢᠭᠡ ᠲᠤᠰᠬᠠᠶ ᠠᠩᠭᠢ ᠳᠤᠬᠢᠷᠠᠭᠤᠯᠵᠤ᠂ ᠵᠠᠳᠠᠯᠤᠨ ᠰᠢᠨᠵᠢᠯᠡᠵᠦ ᠰᠢᠢ᠍ᠳᠪᠦᠷᠢᠯᠡᠬᠦ᠎ᠪᠠᠨ ᠴᠢᠩᠭ᠋ᠠᠳᠬᠠᠬᠤ ᠬᠡᠷᠡᠭᠲᠡᠶ᠃ ᠬᠦᠴᠦᠨ ᠦᠭᠡᠶ ᠪᠤᠯᠭ᠋ᠠᠬᠤ ᠵᠦᠢ᠍ᠯᠡᠰ᠎ᠢ ᠳᠠᠷᠤᠢ᠌ᠬᠠᠨ ᠰᠢᠢ᠍ᠳᠪᠦᠷᠢᠯᠡᠵᠦ ᠮᠡᠳᠡᠭᠦᠯᠬᠦ ᠬᠡᠷᠡᠭᠲᠡᠶ; ᠣᠶ᠋ᠢᠷ᠎ᠠ ᠵᠢᠨ ᠬᠤᠭᠤᠴᠠᠭ᠋ᠠᠨ᠎ᠳᠤ ᠵᠤᠬᠢᠬᠤ ᠠᠬᠢᠴᠠ᠎ᠲᠠᠢ ᠠᠵᠢᠯ᠎ᠢ ᠴᠢᠨᠠᠭᠰᠢᠳᠠ ᠲᠦᠷᠭᠡᠳᠬᠡᠬᠦ ᠬᠡᠷᠡᠭᠲᠡᠶ; ᠨᠡᠬᠡᠮᠵᠢᠯᠡᠨ ᠲᠤᠰᠢᠶᠠᠯᠭ᠋ᠠᠬᠤ᠎ᠳᠤ ᠬᠦᠴᠢᠷᠲᠡᠶ ᠪᠣᠯ ᠦᠨᠡᠨᠬᠦ ᠶᠠᠪᠤᠭᠳᠠᠭᠤᠰᠢᠲᠠᠶ ᠨᠠᠷᠢᠯᠢᠭᠵᠢᠭᠤᠯᠤᠭᠰᠠᠨ ᠲᠥᠰᠦᠯ ᠲᠣᠭᠲᠠᠭ᠋ᠠᠵᠤ᠂ ᠲᠦᠯᠬᠢᠨ ᠠᠬᠢᠭᠤᠯᠬᠤ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃