ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠭᠠᠯ ᠲᠦᠢ᠍ᠮᠡᠷ᠎ᠢ ᠤᠨᠲᠠᠷᠠᠭ᠋ᠠᠬᠤ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠭᠤᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠵᠡᠢ
ᠨᠡᠶ᠋ᠢᠲᠡᠯᠡᠭᠰᠡᠨ ᠴᠠᠭ᠄ 2023-04-18

      ᠣᠶ᠋ᠢᠷ᠎ᠠ ᠵᠢᠨ ᠡᠳᠦᠷ᠂ ᠥᠭᠡᠯᠡᠳ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠠᠨᠳᠠ ᠨᠡᠶ᠋ᠢᠭᠡᠮ ᠲᠣᠭᠤᠷᠢᠭ᠎ᠤᠨ᠎ᠬᠢᠨ ᠠᠯᠠᠱ᠌ᠠ ᠵᠡᠭᠦᠨ ᠬᠤᠰᠢᠭᠤᠨ᠎ᠤ ᠭᠠᠯ ᠲᠦᠢ᠍ᠮᠡᠷ᠎ᠢ ᠤᠨᠲᠠᠷᠠᠭ᠋ᠠᠬᠤ ᠶᠡᠭᠡ ᠠᠩᠭᠢ᠎ᠲᠠᠢ ᠬᠠᠮᠲᠤᠷᠠᠨ 《ᠭᠠᠯ ᠲᠦᠢ᠍ᠮᠡᠷ᠎ᠢ ᠤᠨᠲᠠᠷᠠᠭ᠋ᠠᠬᠤ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠭᠤᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃ ᠨᠡᠶ᠋ᠢᠭᠡᠮ ᠲᠣᠭᠤᠷᠢᠭ᠎ᠤᠨ ᠨᠠᠮ᠎ᠤᠨ ᠭᠡᠰᠢᠭᠦᠨ᠂ ᠺᠠᠳ᠋ᠷ ᠵᠢᠴᠢ ᠬᠠᠷᠢᠶ᠎ᠠ ᠲᠣᠭᠤᠷᠢᠭ᠎ᠤᠨ ᠡᠯ᠎ᠡ ᠬᠤᠷᠢᠶᠠᠯᠠᠯ᠎ᠤᠨ ᠠᠳᠠᠯ ᠠᠬᠤᠢ ᠵᠢᠨ ᠠᠵᠢᠯᠲᠠᠨ᠂ ᠬᠤᠳᠠᠯᠳᠤᠭ᠋ᠠᠨ᠎ᠤ ᠫᠦᠰᠡ ᠵᠢᠨ ᠡᠵᠡᠩᠨᠡᠭᠴᠢ ᠵᠡᠷᠭᠡ 40 ᠬᠥᠮᠥᠨ ᠠᠵᠢᠯᠯᠠᠭ᠎ᠠ᠎ᠳᠤ ᠣᠷᠣᠯᠴᠠᠵᠠᠢ᠃
      ᠠᠵᠢᠯᠯᠠᠭ᠎ᠠ ᠵᠢᠨ ᠲᠤᠬᠠᠢ ᠵᠢᠨ ᠲᠠᠯᠠᠪᠠᠶ᠂ ᠠᠯᠠᠱ᠌ᠠ ᠵᠡᠭᠦᠨ ᠬᠤᠰᠢᠭᠤᠨ᠎ᠤ ᠭᠠᠯ ᠲᠦᠢ᠍ᠮᠡᠷ᠎ᠢ ᠤᠨᠲᠠᠷᠠᠭ᠋ᠠᠬᠤ ᠶᠡᠭᠡ ᠠᠩᠭᠢ ᠵᠢᠨ᠎ᠬᠢᠨ᠂ ᠣᠳᠣᠬᠠᠨ᠎ᠤ ᠤᠯᠠᠷᠢᠯ᠎ᠤᠨ ᠣᠨᠴᠠᠯᠢᠭ᠂ ᠬᠠᠷᠢᠶ᠎ᠠ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠠᠯ᠎ᠤᠨ ᠠᠶᠤᠯ᠂ ᠬᠡᠢ᠂ ᠴᠠᠬᠢᠯᠭ᠋ᠠᠨ᠎ᠢ ᠬᠡᠷᠬᠢᠨ ᠵᠥᠪ ᠬᠡᠷᠡᠭᠯᠡᠬᠦ ᠵᠢᠨ ᠠᠮᠤᠷ ᠲᠦᠪᠰᠢᠨ᠎ᠤ ᠠᠩᠬᠠᠷᠬᠤ ᠵᠦᠢ᠍ᠯᠡᠰ᠂ ᠭᠠᠯ᠎ᠤᠨ ᠠᠶᠤᠯ ᠤᠨᠲᠠᠷᠠᠭ᠋ᠠᠭᠤᠷ᠎ᠢ ᠬᠡᠷᠬᠢᠨ ᠬᠡᠷᠡᠭᠯᠡᠬᠦ ᠵᠡᠷᠭᠡ ᠭᠠᠯ ᠲᠦᠢ᠍ᠮᠡᠷ᠎ᠢ ᠤᠨᠲᠠᠷᠠᠭ᠋ᠠᠬᠤ ᠠᠶᠤᠯᠭᠦᠢ ᠵᠢᠨ ᠮᠡᠳᠡᠯᠭᠡ ᠵᠢ ᠭᠤᠣᠯᠳᠠᠯᠭ᠎ᠠ᠎ᠲᠠᠢ ᠤᠬᠠᠭᠤᠯᠤᠨ ᠲᠠᠶ᠋ᠢᠯᠪᠤᠷᠢᠯᠠᠪᠠ᠃ ᠤᠯᠠᠨ ᠵᠶ᠋ᠠᠷ ᠵᠶ᠋ᠠᠨ ᠵᠢᠩᠬᠢᠨᠢ ᠬᠢᠷᠢ ᠲᠡᠩᠴᠡᠭᠰᠡᠨ ᠴᠠᠬᠢᠯᠭ᠋ᠠᠨ ᠬᠡᠷᠡᠭᠰᠡᠯ᠎ᠤᠨ ᠪᠦᠲᠦᠭᠡᠭᠳᠡᠬᠦᠨ᠎ᠢ ᠬᠤᠳᠠᠯᠳᠤᠨ ᠠᠪᠬᠤ ᠪᠠ ᠬᠡᠷᠡᠭᠯᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠲᠠᠮᠠᠬᠠᠢ ᠬᠡᠢ ᠵᠢᠨ ᠬᠤᠭᠤᠯᠠᠢ ᠵᠢᠨ ᠱᠤᠭᠤᠮ᠎ᠢ ᠰᠢᠯᠭ᠋ᠠᠨ ᠪᠠᠶ᠋ᠢᠴᠠᠭ᠋ᠠᠵᠤ ᠬᠠᠮᠠᠭ᠋ᠠᠯᠠᠬᠤ ᠬᠡᠷᠡᠭᠲᠡᠢ᠂ ᠭᠡᠷ᠎ᠲᠡᠭᠡᠨ ᠪᠠ ᠠᠰᠠᠷ᠎ᠤᠨ ᠭᠤᠳᠤᠮᠵᠢᠨ᠎ᠳᠤ ᠡᠯᠳᠡᠪ ᠶᠠᠭᠤᠮ᠎ᠠ ᠣᠪᠣᠭ᠋ᠠᠯᠠᠵᠤ ᠪᠣᠯᠬᠤ ᠦᠭᠡᠢ᠂ ᠭᠡᠷ᠎ᠲᠡᠭᠡᠨ ᠪᠠ ᠠᠰᠠᠷ᠎ᠤᠨ ᠭᠤᠳᠤᠮᠵᠢᠨ᠎ᠳᠤ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠳᠤ ᠴᠠᠬᠢᠯᠭ᠋ᠠᠨ ᠴᠡᠨᠡᠭᠯᠡᠵᠦ ᠪᠣᠯᠬᠤ ᠦᠭᠡᠢ᠂ ᠶᠡᠭᠡ ᠬᠦᠴᠦᠨ᠎ᠲᠠᠢ ᠴᠠᠬᠢᠯᠭ᠋ᠠᠨ ᠬᠡᠷᠡᠭᠰᠡᠯ᠎ᠢ ᠤᠷᠳᠤ ᠬᠤᠭᠤᠴᠠᠭ᠎ᠠ᠎ᠪᠠᠷ ᠬᠡᠷᠡᠭᠯᠡᠬᠦ ᠵᠢ ᠴᠢᠩᠭ᠎ᠠ ᠴᠠᠭ᠋ᠠᠵᠠᠯᠠᠵᠤ᠂ ᠭᠠᠯ᠎ᠤᠨ ᠠᠶᠤᠯ ᠴᠠᠬᠢᠯᠭ᠋ᠠᠨ ᠬᠡᠷᠡᠭᠯᠡᠬᠦ ᠰᠠᠶ᠋ᠢᠨ ᠰᠠᠶ᠋ᠢᠬᠠᠨ ᠳᠠᠳᠬᠠᠯ᠎ᠢ ᠪᠤᠢ ᠪᠣᠯᠭ᠋ᠠᠬᠤ ᠬᠡᠷᠡᠭᠲᠡᠢ᠃ ᠠᠳᠠᠯ ᠠᠬᠤᠢ ᠵᠢᠨ ᠠᠵᠤ ᠠᠬᠤᠶ᠋ᠢᠯᠠᠯ᠎ᠤᠳ ᠬᠤᠷᠢᠶᠠᠯᠠᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠨᠠᠷᠢᠪᠴᠢᠯᠠᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠳᠤᠷ᠎ᠠ᠎ᠪᠠᠷ ᠵᠶ᠋ᠠᠨ ᠴᠠᠬᠢᠯᠭ᠋ᠠᠨ ᠤᠲᠠᠰᠤ ᠵᠠᠯᠭ᠋ᠠᠬᠤ᠂ ᠲᠣᠭᠲᠠᠭ᠋ᠠᠯ᠎ᠢ ᠵᠥᠷᠢᠴᠡᠨ ᠡᠷᠦᠬᠡ᠎ᠳᠤ ᠣᠷᠣᠵᠤ ᠴᠠᠬᠢᠯᠭ᠋ᠠᠨ ᠴᠡᠨᠡᠭᠯᠡᠬᠦ᠂ ᠵᠠᠮ᠎ᠢ ᠡᠵᠡᠯᠡᠨ ᠬᠡᠷᠡᠭᠯᠡᠬᠦ ᠵᠡᠷᠭᠡ ᠦᠵᠡᠭᠳᠡᠯ᠎ᠢ ᠭᠤᠣᠯᠳᠠᠯᠭ᠎ᠠ᠎ᠲᠠᠢ ᠵᠠᠰᠠᠨ ᠴᠡᠭᠴᠡᠯᠡᠵᠦ᠂ ᠠᠮᠤᠷ ᠲᠦᠪᠰᠢᠨ᠎ᠤ ᠠᠳᠡᠯ ᠭᠠᠷᠬᠤ ᠵᠢ ᠬᠤᠷᠢᠭᠯᠠᠬᠤ ᠬᠡᠷᠡᠭᠲᠡᠢ ᠭᠡᠯ᠎ᠡ᠃ ᠤᠬᠠᠭᠤᠯᠤᠨ ᠲᠠᠶ᠋ᠢᠯᠪᠤᠷᠢᠯᠠᠵᠤ ᠳᠠᠭᠤᠰᠤᠭᠰᠠᠨ᠎ᠤ ᠲᠠᠷᠠᠭ᠎ᠠ᠂ ᠨᠡᠶ᠋ᠢᠭᠡᠮ ᠲᠣᠭᠤᠷᠢᠭ᠎ᠤᠨ ᠨᠠᠮ᠎ᠤᠨ ᠭᠡᠰᠢᠭᠦᠨ᠂ ᠺᠠᠳ᠋ᠷ ᠵᠢᠴᠢ ᠰᠠᠶ᠋ᠢᠨ ᠳᠤᠷ᠎ᠠ ᠵᠢᠨ ᠠᠵᠢᠯᠯᠠᠭᠴᠢ ᠰᠠᠭᠤᠭ᠋ᠠᠯᠢ ᠠᠷᠠᠳ᠎ᠲᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠲᠤᠰᠤᠨ ᠲᠣᠭᠤᠭ᠎ᠠ᠎ᠳᠤ ᠭᠠᠯ᠎ᠤᠨ ᠠᠶᠤᠯ ᠭᠠᠷᠬᠤ ᠵᠡᠷᠭᠡ ᠪᠠᠶ᠋ᠢᠩᠭᠤ ᠲᠣᠬᠢᠶᠠᠯᠳᠤᠬᠤ ᠭᠠᠯ᠎ᠤᠨ ᠠᠶᠤᠯ᠎ᠢ ᠤᠨᠲᠠᠷᠠᠭ᠋ᠠᠬᠤ ᠠᠷᠭ᠎ᠠ ᠵᠢᠴᠢ ᠡᠳᠦᠷ ᠲᠤᠳᠤᠮ᠎ᠤᠨ ᠭᠠᠯ᠎ᠤᠨ ᠠᠶᠤᠯ᠎ᠤᠨ ᠠᠶᠤᠯ᠎ᠢ ᠬᠡᠷᠬᠢᠨ ᠵᠥᠪ ᠵᠶ᠋ᠠᠷ ᠰᠡᠷᠭᠡᠶ᠋ᠢᠯᠡᠬᠦ᠂ ᠭᠠᠯ᠎ᠤᠨ ᠠᠶᠤᠯ ᠤᠨᠲᠠᠷᠠᠭ᠋ᠠᠭᠤᠷ᠎ᠢ ᠬᠡᠷᠬᠢᠨ ᠬᠡᠷᠡᠭᠯᠡᠬᠦ᠂ ᠭᠠᠯ᠎ᠤᠨ ᠠᠶᠤᠯ᠎ᠤᠨ ᠠᠶᠤᠯ ᠭᠠᠷᠪᠠᠯ ᠬᠡᠷᠬᠢᠨ ᠠᠮᠢ ᠵᠢᠭᠤᠲᠠᠵᠤ ᠥᠪᠡᠷ᠎ᠢ᠎ᠪᠠᠨ ᠠᠪᠤᠷᠠᠬᠤ ᠵᠡᠷᠭᠡ ᠭᠠᠯ ᠲᠦᠢ᠍ᠮᠡᠷ᠎ᠢ ᠤᠨᠲᠠᠷᠠᠭ᠋ᠠᠬᠤ ᠶᠡᠷᠦ ᠵᠢᠨ ᠮᠡᠳᠡᠯᠭᠡ ᠵᠢ ᠲᠠᠶ᠋ᠢᠯᠪᠤᠷᠢᠯᠠᠪᠠ᠃ ᠲᠣᠰ ᠤᠳᠠᠭ᠋ᠠᠨ᠎ᠤ ᠠᠵᠢᠯᠯᠠᠭ᠎ᠠ᠎ᠳᠤ ᠠᠮᠤᠷ ᠲᠦᠪᠰᠢᠨ᠎ᠤ ᠮᠡᠳᠡᠯᠭᠡ ᠵᠢᠨ ᠭᠠᠷ ᠳᠡᠪᠲᠡᠷ᠎ᠢ ᠨᠡᠶ᠋ᠢᠲᠡ 50 ᠳᠡᠪᠲᠡᠷ ᠲᠠᠷᠬᠠᠭ᠋ᠠᠪᠠ᠃

      ᠤᠬᠠᠭᠤᠯᠤᠨ ᠲᠠᠶ᠋ᠢᠯᠪᠤᠷᠢᠯᠠᠬᠤ᠎ᠪᠠᠷ ᠳᠠᠮᠵᠢᠭᠤᠯᠤᠨ᠂ ᠥᠷᠭᠡᠨ ᠤᠯᠠᠨ ᠰᠠᠭᠤᠭ᠋ᠠᠯᠢ ᠠᠷᠠᠳ ᠭᠠᠯ ᠲᠦᠢ᠍ᠮᠡᠷ᠎ᠢ ᠤᠨᠲᠠᠷᠠᠭ᠋ᠠᠬᠤ ᠵᠢ ᠤᠯᠠᠮ ᠲᠠᠨᠢᠵᠤ᠂ ᠭᠠᠯ ᠲᠦᠢ᠍ᠮᠡᠷ᠎ᠢ ᠤᠨᠲᠠᠷᠠᠭ᠋ᠠᠬᠤ ᠵᠢ ᠣᠶ᠋ᠢᠯᠠᠭ᠋ᠠᠵᠤ᠂ ᠭᠠᠯ ᠲᠦᠢ᠍ᠮᠡᠷ᠎ᠢ ᠤᠨᠲᠠᠷᠠᠭ᠋ᠠᠬᠤ ᠵᠢ ᠠᠩᠬᠠᠷᠴᠤ᠂ ᠭᠠᠯ ᠲᠦᠢ᠍ᠮᠡᠷ᠎ᠤᠨ ᠠᠶᠤᠯ᠎ᠠᠴᠠ ᠰᠡᠷᠭᠡᠶ᠋ᠢᠯᠡᠬᠦ ᠠᠮᠤᠷ ᠲᠦᠪᠰᠢᠨ᠎ᠤ ᠤᠬᠠᠮᠰᠠᠷ᠎ᠢ ᠰᠠᠭᠤᠭ᠋ᠠᠯᠢ ᠠᠷᠠᠳ ᠨᠢᠭᠡᠪᠦᠷᠢ ᠵᠢᠨ ᠰᠡᠳᠬᠢᠯ᠎ᠳᠤ ᠭᠦᠨ ᠬᠠᠳᠠᠩᠰᠢᠭᠤᠯᠵᠤ᠂ ᠭᠠᠯ ᠲᠦᠢ᠍ᠮᠡᠷ᠎ᠢ ᠤᠨᠲᠠᠷᠠᠭ᠋ᠠᠬᠤ ᠤᠬᠠᠭᠤᠯᠭ᠎ᠠ ᠵᠢᠨ ᠪᠦᠷᠬᠦᠴᠡ ᠵᠢ ᠤᠯᠠᠮ ᠥᠷᠭᠡᠳᠬᠡᠵᠦ᠂ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ᠎ᠤᠨ ᠥᠪᠡᠷ᠎ᠢ᠎ᠪᠠᠨ ᠰᠡᠷᠭᠡᠶ᠋ᠢᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠨᠡᠮᠡᠭᠳᠡᠭᠦᠯᠵᠦ᠂ ᠬᠠᠷᠢᠶ᠎ᠠ ᠣᠷᠣᠨ᠎ᠤ ᠭᠠᠯ ᠲᠦᠢ᠍ᠮᠡᠷ᠎ᠢ ᠤᠨᠲᠠᠷᠠᠭ᠋ᠠᠬᠤ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠵᠡᠢ᠃
    

ᠢᠷᠡᠯᠲᠡ᠄ ᠠᠯᠠᠱ᠌ᠠ ᠵᠡᠭᠦᠨ ᠬᠤᠰᠢᠭᠤᠨ᠎ᠤ ᠥᠭᠡᠯᠡᠳ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠬᠢᠨᠠᠨ ᠬᠡᠮᠵᠢᠯᠲᠡ ᠵᠢᠨ ᠨᠤᠲᠤᠭ ᠪᠡᠯᠴᠢᠭᠡᠷ᠎ᠤᠨ ᠥᠯᠢᠭᠡᠷ ᠭᠠᠵᠠᠷ᠎ᠤᠨ ᠪᠠᠶ᠋ᠢᠴᠠᠭ᠋ᠠᠯᠲᠠ ᠵᠢᠨ ᠠᠵᠢᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠥᠪᠵᠢᠭᠦᠯᠭᠡ ᠵᠢᠨ ᠬᠦᠷᠢᠶᠠᠯᠠᠩ᠎ᠤᠨ ᠪᠠᠢ᠌ᠴᠭ᠋ᠠᠠᠨ ᠰᠢᠯᠭ᠋ᠠᠯᠲᠠ ᠵᠢ ᠦᠩᠭᠡᠷᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠦᠵᠡᠰᠬᠦᠯᠡᠩ᠎ᠤᠨ ᠪᠥᠬᠥ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠲᠠᠢ᠌ᠴᠢᠯᠠᠯᠳᠠ ᠵᠢᠨ ᠬᠤᠷᠠᠯ᠎ᠳᠤ ᠤᠷᠤᠯᠴᠠᠪᠠ
ᠦᠷ᠎ᠡ ᠴᠢᠬᠢ ᠵᠢᠨ ᠶᠡᠷᠦᠩᠬᠡᠶ ᠥᠷᠲᠡᠭᠡ ᠪᠥᠬᠥ ᠣᠷᠣᠨ᠎ᠤ ᠡᠪᠡᠰᠦᠨ ᠦᠷ᠎ᠡ ᠵᠢᠨ ᠰᠠᠭᠤᠷᠢᠨ ᠭᠠᠵᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ ᠤᠯᠠᠭ᠋ᠠᠨᠴᠠᠪ ᠬᠣᠲᠠ ᠵᠢᠨ ᠡᠯ᠎ᠡ ᠬᠣᠰᠢᠭᠤ ᠰᠢᠶᠠᠨ᠎ᠳᠤ ᠭᠦᠨᠵᠡᠭᠡᠶ᠋ᠢᠷᠡᠨ ᠤᠶᠤᠨᠴᠢ ᠴᠢᠮᠡᠭᠡ ᠵᠠᠩᠬᠢ ᠵᠢᠨ ᠬᠢᠨᠠᠨ ᠬᠡᠮᠵᠢᠯᠲᠠ ᠵᠢᠴᠢ ᠬᠠᠷᠭᠤᠭᠤᠯᠬᠤ ᠠᠬᠢᠴᠠ ᠵᠢ ᠬᠢᠨᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠢ᠌ᠲᠡ ᠵᠢᠨ ᠤᠢ᠌ᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠣᠯᠪᠠᠰᠤᠷᠠᠭᠤᠯᠤᠯ᠎ᠤᠨ ᠠᠩᠭᠢ ᠡᠷᠭᠢᠯᠡᠪᠡ
 
             蒙ICP备05000248号