ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠬᠢᠨᠠᠨ ᠬᠡᠮᠵᠢᠯᠲᠡ ᠵᠢᠨ ᠨᠤᠲᠤᠭ ᠪᠡᠯᠴᠢᠭᠡᠷ᠎ᠤᠨ ᠥᠯᠢᠭᠡᠷ ᠭᠠᠵᠠᠷ᠎ᠤᠨ ᠪᠠᠶ᠋ᠢᠴᠠᠭ᠋ᠠᠯᠲᠠ ᠵᠢᠨ ᠠᠵᠢᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠥᠪᠵᠢᠭᠦᠯᠭᠡ ᠵᠢᠨ ᠬᠦᠷᠢᠶᠠᠯᠠᠩ᠎ᠤᠨ ᠪᠠᠢ᠌ᠴᠭ᠋ᠠᠠᠨ ᠰᠢᠯᠭ᠋ᠠᠯᠲᠠ ᠵᠢ ᠦᠩᠭᠡᠷᠡᠪᠡ
ᠨᠡᠶ᠋ᠢᠲᠡᠯᠡᠭᠰᠡᠨ ᠴᠠᠭ᠄ 2023-09-13

      9 ᠰᠠᠷ᠎ᠠ ᠵᠢᠨ 6᠎ᠠᠴᠠ 8᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ᠎ᠬᠢᠨ ᠪᠠᠢ᠌ᠴᠠᠭ᠋ᠠᠨ ᠰᠢᠯᠭ᠋ᠠᠬᠤ ᠳᠤᠭᠤᠶ᠋ᠢᠯᠠᠩ ᠪᠠᠶ᠋ᠢᠭᠤᠯᠵᠤ᠂ ᠬᠢᠩᠭ᠋ᠠᠨ ᠠᠶ᠋ᠢᠮᠠᠭ᠎ᠤᠨ ᠨᠤᠲᠤᠭ ᠪᠡᠯᠴᠢᠭᠡᠷ᠎ᠤᠨ ᠥᠯᠢᠭᠡᠷ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ ᠠᠵᠢᠯ ᠥᠷᠨᠢᠭᠦᠯᠵᠦ᠂  ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ᠂ ᠡᠯ᠎ᠡ ᠬᠣᠰᠢᠭᠤ ᠰᠢᠶᠠᠨ ᠬᠣᠲᠠ ᠵᠢᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠠᠵᠢᠯᠲᠠᠨ ᠬᠢᠨᠠᠨ ᠪᠠᠢ᠌ᠴᠭ᠋ᠠᠯᠳᠠ᠎ᠳᠤ ᠤᠷᠤᠯᠴᠠᠪᠠ᠃
        ᠪᠠᠢ᠌ᠴᠠᠭ᠋ᠠᠨ ᠰᠢᠯᠭ᠋ᠠᠬᠤ ᠳᠤᠭᠤᠶ᠋ᠢᠯᠠᠩ᠎ᠤᠨ᠎ᠬᠢᠨ ᠪᠦᠬᠦ ᠠᠶ᠋ᠢᠮᠠᠭ᠎ᠤᠨ 4 ᠦᠯᠢᠬᠡᠷ ᠭᠠᠵᠠᠷ᠎ᠢ ᠰᠣᠩᠭᠣᠨ ᠪᠠᠶ᠋ᠢᠴᠠᠭ᠋ᠠᠵᠤ᠂ ᠦᠯᠢᠬᠡᠷ ᠱᠤᠭᠤᠮ᠂ ᠠᠵᠢᠭᠯᠠᠨ ᠬᠡᠮᠵᠢᠬᠦ ᠵᠠᠭᠪᠤᠷ ᠪᠣᠯᠤᠨ ᠤᠨᠠᠯᠲᠠ ᠵᠢ ᠬᠡᠮᠵᠢᠬᠦ ᠵᠠᠭᠪᠤᠷ᠎ᠢ ᠪᠠᠢ᠌ᠴᠠᠭ᠋ᠠᠨ ᠰᠢᠯᠭ᠋ᠠᠵᠤ᠂ ᠦᠯᠢᠬᠡᠷ ᠭᠠᠵᠠᠷ᠎ᠤᠨ ᠪᠠᠶ᠋ᠢᠷᠢᠯᠠᠭᠤᠯᠤᠯᠲᠠ ᠵᠢᠨ ᠪᠠᠶ᠋ᠢᠳᠠᠯ᠂ ᠤᠷᠭᠤᠮᠠᠯ᠎ᠤᠨ ᠬᠤᠴᠢᠯᠭ᠎ᠠ ᠵᠢᠨ ᠪᠦᠲᠦᠴᠡ᠂ ᠤᠷᠭᠤᠮᠠᠯ᠎ᠤᠨ ᠬᠤᠴᠢᠯᠭ᠎ᠠ ᠵᠢᠨ ᠳᠦᠷᠰᠦ᠂  ᠰᠢᠯᠢᠳᠡᠭ ᠡᠪᠡᠰᠦᠨ᠎ᠤ ᠲᠦᠷᠦᠯ᠂ ᠡᠪᠡᠰᠦᠨ᠎ᠤ ᠲᠦᠷᠦᠯ᠎ᠢ ᠢᠯᠭ᠋ᠠᠨ ᠲᠠᠨᠢᠬᠤ᠂ ᠬᠤᠪᠠᠬᠠᠶ᠋ᠢᠷᠠᠭᠰᠠᠨ ᠪᠣᠳᠠᠰ᠎ᠤᠨ ᠶᠡᠷᠦᠩᠬᠡᠢ ᠬᠡᠮᠵᠢᠶ᠎ᠡ ᠪᠣᠯᠤᠨ ᠤᠷᠭᠤᠮᠠᠯ᠎ᠤᠨ ᠲᠦᠷᠦᠯ᠎ᠤᠨ ᠲᠣᠭ᠎ᠠ ᠵᠡᠷᠭᠡ᠎ᠤᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠵᠤ᠂ ᠬᠤᠪᠢ ᠣᠯᠭᠤᠬᠤ ᠵᠢᠨ ᠬᠠᠮᠲᠤ ᠢᠯᠡᠷᠡᠭᠦᠯᠦᠭᠰᠡᠨ ᠠᠰᠠᠭᠤᠳᠠᠯ ᠪᠣᠯᠤᠨ ᠰᠠᠨᠠᠯ ᠵᠶ᠋ᠡᠨ ᠲᠤᠰᠬᠠᠪᠠ᠃
      ᠰᠢᠯᠭ᠋ᠠᠨ ᠪᠠᠢ᠌ᠴᠠᠭ᠋ᠠᠯᠳᠠ᠎ᠳᠤ᠂ ᠬᠢᠩᠭ᠋ᠠᠨ ᠠᠶ᠋ᠢᠮᠠᠭ᠎ᠤᠨ᠎ᠬᠢᠨ 《2023 ᠣᠨ᠎ᠤ ᠣᠶ ᠰᠢᠭᠤᠶ  ᠨᠤᠲᠤᠭ ᠪᠡᠯᠴᠢᠭᠡᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠬᠢᠨᠠᠨ ᠬᠡᠮᠵᠢᠯᠲᠡ ᠵᠢᠨ ᠮᠡᠷᠭᠡᠵᠢᠯ᠎ᠤᠨ ᠲᠥᠰᠦᠯ ᠪᠠ ᠮᠡᠷᠭᠡᠵᠢᠯ᠎ᠤᠨ ᠲᠦᠷᠢᠮ》᠎ᠤᠨ ᠱᠠᠭ᠋ᠠᠷᠳᠠᠯᠭ᠎ᠠ᠎ᠳᠤ ᠨᠡᠶ᠋ᠢᠴᠡᠵᠦ᠂ ᠡᠯ᠎ᠡ ᠵᠦᠢ᠍ᠯ᠎ᠤᠨ ᠠᠵᠢᠯᠯᠠᠭ᠋ᠠᠨ᠎ᠤ ᠪᠠᠷᠢᠮᠵᠢᠶ᠎ᠠ᠎ᠨᠢ ᠵᠢᠷᠤᠮᠵᠢᠯ᠎ᠲᠠᠢ᠂ ᠲᠣᠭ᠎ᠠ ᠪᠠᠷᠢᠮᠲᠠ ᠵᠢ ᠲᠠᠭᠯᠠᠨ ᠮᠡᠳᠡᠭᠦᠯᠦᠭᠰᠡᠨ᠎ᠨᠢ ᠣᠨᠣᠪᠴᠢᠲᠠᠶ ᠪᠥᠭᠡᠳ ᠪᠦᠷᠢᠨ ᠪᠦᠲᠦᠨ᠂ ᠵᠠᠩᠭᠢᠯᠠᠭ᠎ᠠ ᠵᠢᠨ ᠭᠣᠭᠴᠣᠭ᠎ᠠ ᠵᠢ ᠵᠣᠬᠢᠰᠲᠠᠶ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠯᠭ᠋ᠠᠨ ᠪᠠᠢ᠌ᠴᠠᠭ᠋ᠠᠯᠳᠠ ᠵᠢ ᠤᠷᠤᠭᠰᠢᠲᠠᠶ ᠥᠩᠭᠡᠷᠡᠭᠡᠭᠰᠡᠨ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠢ ᠪᠠᠶ᠋ᠢᠴᠠᠭ᠋ᠠᠬᠤ ᠲᠥᠯᠥᠪᠵᠢᠭᠦᠯᠭᠡ ᠵᠢᠨ ᠬᠦᠷᠢᠶᠡᠯᠡᠩ᠎ᠤᠨ ᠪᠠᠶ᠋ᠢᠴᠠᠭ᠋ᠠᠯᠲᠠ ᠵᠢ ᠤᠭᠲᠤᠬᠤ᠎ᠪᠠᠷ ᠪᠡᠯᠡᠳᠬᠡᠵᠦ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠦᠵᠡᠰᠬᠦᠯᠡᠩ᠎ᠤᠨ ᠪᠥᠬᠥ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠲᠠᠢ᠌ᠴᠢᠯᠠᠯᠳᠠ ᠵᠢᠨ ᠬᠤᠷᠠᠯ᠎ᠳᠤ ᠤᠷᠤᠯᠴᠠᠪᠠ
ᠦᠷ᠎ᠡ ᠴᠢᠬᠢ ᠵᠢᠨ ᠶᠡᠷᠦᠩᠬᠡᠶ ᠥᠷᠲᠡᠭᠡ ᠪᠥᠬᠥ ᠣᠷᠣᠨ᠎ᠤ ᠡᠪᠡᠰᠦᠨ ᠦᠷ᠎ᠡ ᠵᠢᠨ ᠰᠠᠭᠤᠷᠢᠨ ᠭᠠᠵᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ ᠤᠯᠠᠭ᠋ᠠᠨᠴᠠᠪ ᠬᠣᠲᠠ ᠵᠢᠨ ᠡᠯ᠎ᠡ ᠬᠣᠰᠢᠭᠤ ᠰᠢᠶᠠᠨ᠎ᠳᠤ ᠭᠦᠨᠵᠡᠭᠡᠶ᠋ᠢᠷᠡᠨ ᠤᠶᠤᠨᠴᠢ ᠴᠢᠮᠡᠭᠡ ᠵᠠᠩᠬᠢ ᠵᠢᠨ ᠬᠢᠨᠠᠨ ᠬᠡᠮᠵᠢᠯᠲᠠ ᠵᠢᠴᠢ ᠬᠠᠷᠭᠤᠭᠤᠯᠬᠤ ᠠᠬᠢᠴᠠ ᠵᠢ ᠬᠢᠨᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠢ᠌ᠲᠡ ᠵᠢᠨ ᠤᠢ᠌ᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠣᠯᠪᠠᠰᠤᠷᠠᠭᠤᠯᠤᠯ᠎ᠤᠨ ᠠᠩᠭᠢ ᠡᠷᠭᠢᠯᠡᠪᠡ
2023 ᠣᠨ᠎ᠤ ᠪᠥᠬᠥ ᠣᠷᠣᠨ᠎ᠤ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠬᠦᠯᠪᠡ
 
             蒙ICP备05000248号