ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠦᠵᠡᠰᠬᠦᠯᠡᠩ᠎ᠤᠨ ᠪᠥᠬᠥ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠲᠠᠢ᠌ᠴᠢᠯᠠᠯᠳᠠ ᠵᠢᠨ ᠬᠤᠷᠠᠯ᠎ᠳᠤ ᠤᠷᠤᠯᠴᠠᠪᠠ
ᠨᠡᠶ᠋ᠢᠲᠡᠯᠡᠭᠰᠡᠨ ᠴᠠᠭ᠄ 2023-09-13

      9 ᠰᠠᠷ᠎ᠠ ᠵᠢᠨ 8᠎ᠤ ᠡᠳᠦᠷ᠂ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠦᠵᠡᠰᠬᠦᠯᠡᠩ᠎ᠤᠨ ᠪᠦᠬᠦ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠳᠠᠶ᠋ᠢᠴᠢᠯᠠᠯᠲᠠ ᠵᠢᠨ ᠬᠤᠷᠠᠯ ᠰᠢᠶᠦᠢ᠍ᠩ ᠠᠨ ᠰᠢᠨ᠎ᠡ ᠲᠣᠭᠣᠷᠢᠭ᠎ᠲᠤ ᠬᠤᠷᠠᠯᠳᠤᠪᠠ᠃ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠲᠤᠪᠴᠢᠶᠠᠨ ᠳᠠᠷᠤᠭ᠎ᠠ ᠭᠤᠸᠠᠨ ᡁᠢ ᠡᠸᠦ᠂ ᠾᠸᠪᠸᠢ ᠮᠤᠵᠢ ᠵᠢᠨ ᠮᠤᠵᠢ ᠵᠢᠨ ᠳᠠᠷᠤᠭ᠎ᠠ ᠸᠠᠩ ᠵᠧᠩ ᠫᠦ᠋᠂ ᠰᠢᠶᠦᠢ᠍ᠩ ᠠᠨ ᠰᠢᠨ᠎ᠡ ᠲᠣᠭᠣᠷᠢᠭ᠎ᠤᠨ ᠨᠠᠮ᠎ᠤᠨ ᠠᠵᠢᠯᠯᠠᠬᠤ ᠬᠤᠷᠢᠶ᠎ᠠ ᠵᠢᠨ ᠱᠦᠵᠢ (ᠬᠠᠮᠢᠶᠠᠷᠤᠯᠲᠠ ᠵᠢᠨ ᠵᠥᠪᠯᠡᠯ᠎ᠤᠨ ᠡᠷᠬᠢᠯᠡᠭᠴᠢ) ᠵᠠᠩ ᠭᠦᠸᠧ ᠬᠤᠸᠠ᠂ ᠾᠸᠪᠸᠢ ᠮᠤᠵᠢ ᠵᠢᠨ ᠳᠡᠳ᠋ ᠮᠤᠵᠢ ᠵᠢᠨ ᠳᠠᠷᠤᠭ᠎ᠠ ᠵᠢᠨ ᠬᠤᠢ ᠵᠢᠴᠢ ᠤᠯᠤᠰ᠎ᠤᠨ ᠤᠢ ᠰᠢᠭᠤᠢ  ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠬᠠᠮᠢᠶ᠎ᠠ ᠪᠦᠬᠦᠢ ᠵᠤᠷᠭ᠋ᠠᠨ ᠲᠤᠪᠴᠢᠶ᠎ᠠ ᠵᠢᠨ ᠤᠳᠤᠷᠢᠳᠤᠯᠭ᠎ᠠ᠂ ᠡᠯ᠎ᠡ ᠮᠤᠵᠢ ᠣᠷᠣᠨ ᠬᠤᠳᠠ ᠵᠢᠨ ᠲᠥᠯᠥᠭᠡᠯᠡᠭᠴᠢ᠂ ᠬᠡᠰᠡᠭ ᠲᠤᠮᠤ ᠬᠡᠯᠪᠡᠷᠢ ᠵᠢᠨ ᠠᠵᠤ ᠠᠬᠤᠶ᠋ᠢᠯᠠᠯ᠎ᠤᠨ ᠲᠥᠯᠥᠭᠡᠯᠡᠭᠴᠢ ᠨᠡᠢ᠍ᠢ᠍ᠳᠡ 130 ᠭᠠᠷᠤᠢ ᠬᠥᠮᠦᠨ ᠬᠤᠷᠠᠯ᠎ᠳᠤ ᠣᠷᠣᠯᠴᠠᠪᠠ᠃ ᠬᠤᠷᠠᠯ᠎ᠤᠨ ᠭᠣᠣᠯ ᠡᠭᠦᠷᠭᠡ ᠪᠣᠯ᠄ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠰᠢ ᠵᠢᠨ ᠫᠢᠩ ᠶᠡᠷᠦᠩᠬᠡᠢ ᠱᠦᠵᠢ ᠵᠢᠨ ᠰᠢᠶᠦᠢ᠍ᠩ ᠠᠨ ᠰᠢᠨ᠎ᠡ ᠲᠣᠭᠣᠷᠢᠭ᠎ᠲᠤ ᠰᠢᠨᠵᠢᠯᠡᠨ ᠪᠠᠶ᠋ᠢᠴᠠᠭ᠋ᠠᠵᠤ ᠪᠠᠶ᠋ᠢᠴᠠᠭ᠋ᠠᠨ ᠰᠤᠳᠤᠯᠤᠯᠲᠠ ᠬᠢᠬᠦ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠲᠠᠪᠤᠳᠤᠭ᠋ᠠᠷ ᠬᠤᠭᠤᠴᠠᠭ᠋ᠠᠨ᠎ᠤ ᠨᠤᠭᠤᠭ᠋ᠠᠷᠠᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠢ ᠪᠦᠬᠦ ᠲᠠᠯ᠎ᠠ᠎ᠪᠠᠷ ᠲᠠᠢ᠍ᠢ᠍ᠴᠢᠯᠠᠨ ᠪᠠᠶ᠋ᠢᠷᠢᠯᠠᠭᠤᠯᠤᠨ᠎ᠠ᠃
      ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠤᠪᠴᠢᠶᠠᠨ ᠳᠠᠷᠤᠭ᠎ᠠ ᠸᠠᠩ ᠵᠣᠣ ᠱᠧᠩ ᠬᠠᠮᠢᠶ᠎ᠠ ᠪᠥᠬᠥᠶ ᠨᠢᠭᠡᠴᠡ ᠵᠢᠨ ᠠᠵᠢᠯᠲᠠᠨ ᠵᠢᠴᠢ ᠵᠢᠷᠤᠭ ᠲᠦᠯᠦᠪᠵᠢᠬᠦᠯᠭᠡ ᠵᠢᠨ ᠪᠦᠯᠬᠦᠮ᠎ᠢ ᠳᠠᠭ᠋ᠠᠭᠤᠯᠤᠨ ᠬᠤᠷᠠᠯ᠎ᠳᠤ ᠣᠷᠣᠯᠴᠠᠭᠰᠠᠨ ᠪᠥᠭᠡᠳ ᠥᠪᠥᠷ ᠮᠣᠩᠭᠣᠯ᠎ᠤᠨ ᠦᠵᠡᠰᠬᠦᠯᠡᠩ᠎ᠤᠨ ᠬᠦᠷᠢᠶᠡᠯᠡᠩ᠎ᠳᠤ ᠬᠦᠷᠴᠦ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠪᠠ᠃ ᠸᠠᠩ ᠲᠣᠪᠴᠢᠶᠠᠨ ᠳᠠᠷᠤᠭ᠎ᠠ ᠴᠢᠬᠤᠯᠠᠴᠢᠯᠠᠬᠤ᠎ᠳᠠᠭᠠᠨ᠄ ᠬᠠᠮᠢᠶ᠎ᠠ ᠪᠦᠬᠦᠢ ᠨᠢᠭᠡᠴᠡ ᠵᠢᠨ᠎ᠬᠢᠨ ᠲᠤᠰ ᠤᠳᠠᠭ᠋ᠠᠨ᠎ᠤ ᠳᠠᠶ᠋ᠢᠴᠢᠯᠠᠯᠲᠠ ᠵᠢᠨ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ ᠲᠠᠪᠤᠳᠤᠭ᠋ᠠᠷ ᠬᠤᠭᠤᠴᠠᠭ᠋ᠠᠨ᠎ᠤ ᠨᠤᠭᠤᠭ᠋ᠠᠷᠠᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠥᠪᠥᠷ ᠮᠣᠩᠭᠣᠯ᠎ᠤᠨ ᠦᠵᠡᠰᠬᠦᠯᠡᠩ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶ᠎ᠠ ᠪᠦᠬᠦᠢ ᠠᠵᠢᠯ᠎ᠢ ᠲᠦᠷᠭᠡᠳᠬᠡᠨ ᠠᠬᠢᠭᠤᠯᠵᠤ᠂ ᠲᠥᠰᠦᠪ᠎ᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃ ᠥᠪᠥᠷ ᠮᠣᠩᠭᠣᠯ᠎ᠤᠨ ᠦᠵᠡᠭᠦᠯᠦᠯᠭᠡ ᠵᠢᠨ ᠬᠦᠷᠢᠶᠡᠯᠡᠩ᠎ᠤᠨ ᠵᠢᠷᠤᠭ ᠲᠥᠯᠥᠪᠯᠡᠭᠡ ᠵᠢ ᠲᠦᠷᠭᠡᠬᠡᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠵᠢᠷᠤᠭ ᠲᠥᠯᠥᠪᠯᠡᠭᠡ ᠵᠢᠨ ᠪᠦᠯᠬᠦᠮ᠎ᠨᠢ ᠵᠥᠪᠬᠡᠨ ᠣᠷᠣᠨ᠎ᠤ ᠳᠣᠲᠣᠷᠠᠬᠢ ᠵᠢᠷᠤᠭ ᠲᠥᠯᠥᠪᠯᠡᠭᠡ᠎ᠳᠤ ᠬᠢᠵᠠᠭ᠋ᠠᠷᠯᠠᠭᠳᠠᠵᠤ ᠪᠣᠯᠬᠤ ᠥᠬᠡᠶ᠂ ᠵᠢᠷᠤᠭ ᠲᠥᠯᠥᠪᠯᠡᠭᠡ ᠵᠢᠨ ᠰᠡᠳᠬᠢᠮᠵᠢ᠎ᠪᠠᠨ  ᠬᠦᠢ᠍ᠴᠡᠳ ᠦᠷᠭᠡᠳᠬᠡᠨ᠂ ᠤᠯᠤᠰ ᠪᠤᠶᠤ ᠪᠤᠰᠤᠳ ᠮᠤᠵᠢ ᠣᠷᠣᠨ᠎ᠤ ᠲᠡᠷᠢᠭᠦᠨ᠎ᠤ ᠵᠢᠷᠤᠭ ᠲᠥᠯᠥᠪᠯᠡᠭᠡ ᠵᠢᠨ ᠪᠦᠯᠬᠦᠮ᠎ᠲᠠᠢ ᠢᠯᠡᠭᠦᠬᠡᠨ ᠤᠢ᠌ᠯᠠᠭ᠋ᠠᠯᠴᠠᠨ ᠰᠤᠷᠤᠯᠴᠠᠵᠤ᠂ ᠵᠢᠷᠤᠭ ᠲᠥᠯᠥᠪᠯᠡᠭᠡ ᠵᠢᠨ  ᠰᠢᠯᠢᠳᠡᠭ ᠣᠶ᠋ᠢᠯᠠᠭ᠋ᠠᠭᠳᠠᠬᠤᠨ᠎ᠢ ᠮᠠᠨ᠎ᠤ ᠣᠷᠣᠨ᠎ᠤ ᠦᠵᠡᠭᠦᠯᠦᠯᠭᠡ ᠵᠢᠨ ᠬᠦᠷᠢᠶᠡᠯᠡᠩ᠎ᠤᠨ ᠵᠢᠷᠤᠭ ᠲᠥᠯᠥᠪᠯᠡᠭᠡ ᠎ᠲᠠᠢ ᠤᠶᠠᠯᠳᠤᠭᠤᠯᠵᠤ᠂ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ᠎ᠢ ᠢᠯᠡᠷᠡᠭᠦᠯᠬᠦ ᠵᠢᠨ ᠬᠠᠮᠲᠤ᠂ ᠮᠠᠨ᠎ᠤ ᠣᠷᠣᠨ᠎ᠤ ᠰᠢᠨ᠎ᠡ ᠴᠠᠭ ᠦᠶ᠎ᠡ ᠵᠢᠨ ᠰᠢᠨ᠎ᠡ ᠳᠦᠷᠰᠦ ᠪᠠᠶ᠋ᠢᠳᠠᠯ᠂ ᠰᠢᠨ᠎ᠡ ᠬᠢᠯᠠᠰ ᠴᠡᠭ᠎ᠢ ᠨᠠᠩ ᠢᠯᠡᠭᠦᠤ ᠳᠡᠯᠭᠡᠨ ᠦᠵᠡᠭᠦᠯᠬᠦ ᠬᠡᠷᠡᠭᠲᠡᠶ ᠭᠡᠵᠡᠢ᠃
   
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠦᠷ᠎ᠡ ᠴᠢᠬᠢ ᠵᠢᠨ ᠶᠡᠷᠦᠩᠬᠡᠶ ᠥᠷᠲᠡᠭᠡ ᠪᠥᠬᠥ ᠣᠷᠣᠨ᠎ᠤ ᠡᠪᠡᠰᠦᠨ ᠦᠷ᠎ᠡ ᠵᠢᠨ ᠰᠠᠭᠤᠷᠢᠨ ᠭᠠᠵᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ ᠤᠯᠠᠭ᠋ᠠᠨᠴᠠᠪ ᠬᠣᠲᠠ ᠵᠢᠨ ᠡᠯ᠎ᠡ ᠬᠣᠰᠢᠭᠤ ᠰᠢᠶᠠᠨ᠎ᠳᠤ ᠭᠦᠨᠵᠡᠭᠡᠶ᠋ᠢᠷᠡᠨ ᠤᠶᠤᠨᠴᠢ ᠴᠢᠮᠡᠭᠡ ᠵᠠᠩᠬᠢ ᠵᠢᠨ ᠬᠢᠨᠠᠨ ᠬᠡᠮᠵᠢᠯᠲᠠ ᠵᠢᠴᠢ ᠬᠠᠷᠭᠤᠭᠤᠯᠬᠤ ᠠᠬᠢᠴᠠ ᠵᠢ ᠬᠢᠨᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠢ᠌ᠲᠡ ᠵᠢᠨ ᠤᠢ᠌ᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠣᠯᠪᠠᠰᠤᠷᠠᠭᠤᠯᠤᠯ᠎ᠤᠨ ᠠᠩᠭᠢ ᠡᠷᠭᠢᠯᠡᠪᠡ
2023 ᠣᠨ᠎ᠤ ᠪᠥᠬᠥ ᠣᠷᠣᠨ᠎ᠤ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ
 
             蒙ICP备05000248号