ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠷ᠎ᠡ ᠴᠢᠬᠢ ᠵᠢᠨ ᠶᠡᠷᠦᠩᠬᠡᠶ ᠥᠷᠲᠡᠭᠡ ᠪᠥᠬᠥ ᠣᠷᠣᠨ᠎ᠤ ᠡᠪᠡᠰᠦᠨ ᠦᠷ᠎ᠡ ᠵᠢᠨ ᠰᠠᠭᠤᠷᠢᠨ ᠭᠠᠵᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-09-25

 
       ᠪᠥᠬᠥ ᠣᠷᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠵᠦ᠂ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠪᠠ ᠶᠠᠰᠤ ᠴᠢᠨᠠᠷ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠣᠶ᠋ᠢᠷ᠎ᠠ᠎ᠳᠤ᠂ ᠦᠷ᠎ᠡ ᠴᠢᠬᠢ ᠵᠢᠨ ᠶᠡᠷᠦᠩᠬᠡᠶ ᠥᠷᠲᠡᠭᠡ ᠪᠥᠬᠥ ᠣᠷᠣᠨ᠎ᠤ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠨᠢ ᠦᠷ᠎ᠡ ᠴᠢᠬᠢ ᠵᠢᠨ ᠶᠡᠷᠦᠩᠬᠡᠶ ᠥᠷᠲᠡᠭᠡ᠂ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠭᠤᠷᠪᠠᠳᠠᠬᠢ ᠡᠲᠡᠭᠡᠳ᠎ᠤᠨ ᠬᠢᠨᠠᠨ ᠬᠡᠮᠵᠢᠬᠦ ᠪᠠᠶ᠋ᠢᠭᠤᠯᠤᠮᠵᠢ ᠵᠢᠨ ᠬᠣᠯᠪᠣᠭᠳᠠᠯ ᠪᠥᠬᠥᠶ ᠲᠤᠬᠠᠶ᠋ᠢᠯᠠᠭᠰᠠᠨ ᠠᠵᠢᠯ᠎ᠤᠨ ᠠᠵᠢᠯᠲᠠᠨ ᠵᠶ᠋ᠠᠷ ᠪᠦᠷᠢᠯᠳᠦᠵᠦ᠂ ᠬᠢᠨᠠᠨ ᠪᠠᠶ᠋ᠢᠴᠠᠭ᠋ᠠᠬᠤ ᠠᠵᠢᠯ᠎ᠤᠨ ᠲᠥᠰᠦᠯ᠎ᠢ ᠦᠨᠳᠦᠰᠦᠯᠡᠨ᠂ ᠵᠢᠯᠣᠭᠣᠴᠢ ᠥᠬᠡᠶ ᠨᠢᠰᠬᠡᠯ ᠵᠶ᠋ᠠᠷ ᠠᠭ᠋ᠠᠷ᠎ᠤᠨ ᠬᠢᠨᠠᠨ ᠬᠡᠮᠵᠢᠯᠲᠡ ᠬᠢᠬᠦ᠂ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠬᠤ᠂ ᠲᠠᠩᠰᠠ ᠡᠪᠬᠡᠮᠡᠯ᠎ᠢ ᠪᠠᠶ᠋ᠢᠴᠠᠭ᠋ᠠᠨ ᠦᠵᠡᠬᠦ ᠪᠠ ᠰᠤᠳᠤᠯᠤᠨ ᠶᠠᠷᠢᠯᠴᠠᠭ᠎ᠠ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠪᠠ᠃
ᠲᠣᠰ ᠤᠳᠠᠭ᠋ᠠᠨ᠎ᠤ ᠬᠢᠨᠠᠨ ᠪᠠᠶ᠋ᠢᠴᠠᠭ᠋ᠠᠯᠲᠠ᠎ᠨᠢ 9 ᠰᠠᠷ᠎ᠠ ᠵᠢᠨ 11᠎ᠤ ᠡᠳᠦᠷ᠎ᠠᠴᠠ ᠡᠬᠢᠯᠡᠵᠦ᠂ ᠣᠲᠣ ᠪᠣᠯᠲᠠᠯ᠎ᠠ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠢ ᠨᠢᠭᠡᠨᠲᠡ ᠳᠠᠭᠤᠰᠬᠠᠵᠤ᠂ ᠬᠥᠯᠥᠨ ᠪᠣᠶ᠋ᠢᠷ ᠬᠣᠲᠠ ᠵᠢᠨ ᠠᠲᠠᠷ ᠬᠠᠭ᠋ᠠᠯᠪᠤᠷᠢᠯᠠᠯᠲᠠ ᠵᠢᠨ ᠪᠦᠯᠦᠭᠯᠡᠯ᠂ ᠡᠸᠡᠩᠬᠢ ᠬᠣᠰᠢᠭᠤ᠂ ᠬᠠᠭᠤᠴᠢᠨ ᠪᠠᠷᠭᠤ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠵᠠᠷᠤᠳ ᠬᠣᠰᠢᠭᠤ᠂ ᠺᠠᠶ᠋ᠢᠯᠦ ᠰᠢᠶᠠᠨ ᠵᠡᠷᠭᠡ 7 ᠭᠠᠵᠠᠷ ᠣᠷᠣᠨ᠎ᠳᠤ ᠬᠣᠯᠪᠣᠭᠳᠠᠵᠤ᠂ ᠬᠢᠨᠠᠨ ᠪᠠᠶ᠋ᠢᠴᠠᠭ᠋ᠠᠭᠰᠠᠨ ᠲᠠᠯᠠᠪᠠᠶ᠎ᠨᠢ 10.4 ᠲᠦᠮᠡᠨ ᠮᠥ᠍᠎ᠳᠤ ᠬᠦᠷᠴᠡᠶ᠃
      ᠨᠢᠭᠡᠨᠲᠡ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ ᠡᠯ᠎ᠡ ᠰᠠᠭᠤᠷᠢᠨ ᠭᠠᠵᠠᠷ᠎ᠤᠨ᠎ᠬᠢᠨ ᠴᠥᠮ ᠲᠦᠯᠦᠪᠯᠡᠭᠡ᠎ᠪᠠᠷ ᠵᠶ᠋ᠠᠨ ᠶᠠᠪᠤᠭᠳᠠᠭᠤᠯᠵᠤ᠂ ᠪᠣᠳᠠᠲᠠᠶ ᠳᠠᠷᠢᠭᠰᠠᠨ ᠲᠠᠯᠠᠪᠠᠶ᠎ᠨᠢ ᠬᠠᠷᠭᠤᠭᠤᠯᠤᠨ ᠪᠠᠶ᠋ᠢᠴᠠᠭ᠋ᠠᠭᠰᠠᠨ ᠲᠠᠯᠠᠪᠠᠶ᠎ᠲᠠᠢ ᠦᠨᠳᠦᠰᠦᠨ᠎ᠳᠡᠭᠡᠨ ᠨᠡᠶ᠋ᠢᠴᠡᠵᠦ ᠪᠠᠶ᠋ᠢᠨ᠎ᠠ᠃  ᠬᠢᠨᠠᠨ ᠪᠠᠶ᠋ᠢᠴᠠᠭ᠋ᠠᠬᠤ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠪᠥᠲᠥᠭᠡᠨ ᠪᠠᠶ᠋ᠢᠭᠤᠯᠤᠯᠲᠠ ᠵᠢᠨ ᠨᠢᠭᠡᠴᠡ ᠵᠢᠴᠢ ᠬᠠᠮᠢᠶ᠎ᠠ ᠪᠥᠬᠥᠶ ᠠᠶ᠋ᠢᠮᠠᠭ ᠬᠣᠲᠠ  ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠠᠷᠢᠭᠤ ᠲᠤᠰᠬᠠᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠰᠠᠨᠠᠯ ᠵᠶ᠋ᠠᠨ ᠳᠤᠷᠠᠳᠪᠠ᠃
      ᠮᠠᠨ᠎ᠤ ᠣᠷᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠡᠪᠡᠰᠦᠨ ᠡᠭᠦᠯᠳᠡᠷ ᠪᠣᠯᠤᠨ ᠴᠢᠨᠠᠷ ᠰᠠᠶ᠋ᠢᠲᠠᠶ ᠥᠨᠳᠥᠷ ᠤᠨᠠᠯᠲᠠ᠎ᠲᠠᠢ ᠲᠡᠵᠢᠭᠡᠯ ᠡᠪᠡᠰᠦᠨ᠎ᠤ ᠡᠭᠦᠯᠳᠡᠷ᠎ᠤᠨ ᠬᠠᠩᠭ᠋ᠠᠯᠭ᠎ᠠ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠲᠦᠷᠭᠡᠬᠡᠨ ᠰᠢᠢ᠍ᠳᠪᠦᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2022 ᠣᠨ᠎ᠠᠴᠠ ᠡᠬᠢᠯᠡᠨ ᠡᠪᠡᠰᠦᠨ ᠡᠭᠦᠯᠳᠡᠷ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠨᠥᠬᠥᠪᠥᠷᠢ ᠥᠭᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠬᠤᠵᠢᠷᠯᠢᠬ ᠡᠪᠡᠰᠦ᠂ ᠴᠠᠷᠭ᠋ᠠᠰᠤ ᠵᠡᠷᠭᠡ ᠵᠢᠨ ᠬᠢᠨᠠᠨ ᠲᠣᠭᠲᠠᠭ᠋ᠠᠭᠰᠠᠨ ᠡᠪᠡᠰᠦᠨ᠎ᠤ ᠡᠭᠦᠯᠳᠡᠷ ᠵᠶ᠋ᠠᠷ ᠪᠥᠲᠥᠭᠡᠨ ᠪᠠᠶ᠋ᠢᠭᠤᠯᠤᠯᠲᠠ ᠵᠢᠨ ᠭᠣᠤᠯᠳᠠᠯᠭ᠎ᠠ ᠪᠣᠯᠭ᠋ᠠᠪᠠ᠃ ᠣᠳᠣᠬᠠᠨ ᠪᠣᠯᠲᠠᠯ᠎ᠠ᠂ ᠪᠦᠬᠦ ᠣᠷᠣᠨ᠎ᠳᠤ ᠨᠢᠭᠡᠨᠲᠡ 24 ᠲᠦᠮᠡᠨ ᠮᠦ᠍ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ᠎ᠢ ᠪᠠᠶ᠋ᠢᠭᠤᠯᠵᠤ ᠳᠠᠭᠤᠰᠬᠠᠵᠤ᠂ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ ᠪᠠ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠢᠳᠡᠪᠬᠢᠲᠡᠢ ᠠᠬᠢᠭᠤᠯᠬᠤ᠎ᠳᠤ ᠰᠠᠭᠤᠷᠢ ᠲᠠᠯᠪᠢᠵᠤ ᠥᠭᠴᠡᠢ᠃ ᠲᠠᠷᠠᠭ᠋ᠠᠴᠢ ᠵᠢᠨ ᠠᠯᠬᠤᠮ᠎ᠳᠤ᠂ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ ᠪᠥᠬᠥ ᠣᠷᠣᠨ᠎ᠤ ᠡᠪᠡᠰᠦᠨ ᠦᠷ᠎ᠡ ᠵᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠠᠶ᠋ᠢᠷᠢ ᠲᠣᠭᠲᠠᠭ᠋ᠠᠯᠲᠠ ᠵᠢ ᠲᠦᠯᠦᠪᠯᠡᠬᠦ ᠠᠵᠢᠯ᠎ᠢ ᠪᠡᠶᠡᠯᠡᠭᠦᠯᠵᠦ᠂ ᠡᠪᠡᠰᠦᠨ ᠦᠷ᠎ᠡ ᠵᠢᠨ ᠰᠠᠭᠤᠷᠢᠨ ᠭᠠᠵᠠᠷ᠎ᠤᠨ ᠠᠯᠤᠰ᠎ᠠᠴᠠ ᠬᠢᠨᠠᠨ ᠡᠵᠡᠮᠳᠡᠬᠦ ᠪᠠ ᠬᠥᠳᠡᠯᠦᠩᠭᠦᠶ ᠬᠠᠮᠢᠶᠠᠷᠤᠯᠲᠠ ᠵᠢ ᠪᠡᠶᠡᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ ᠤᠯᠠᠭ᠋ᠠᠨᠴᠠᠪ ᠬᠣᠲᠠ ᠵᠢᠨ ᠡᠯ᠎ᠡ ᠬᠣᠰᠢᠭᠤ ᠰᠢᠶᠠᠨ᠎ᠳᠤ ᠭᠦᠨᠵᠡᠭᠡᠶ᠋ᠢᠷᠡᠨ ᠤᠶᠤᠨᠴᠢ ᠴᠢᠮᠡᠭᠡ ᠵᠠᠩᠬᠢ ᠵᠢᠨ ᠬᠢᠨᠠᠨ ᠬᠡᠮᠵᠢᠯᠲᠠ ᠵᠢᠴᠢ ᠬᠠᠷᠭᠤᠭᠤᠯᠬᠤ ᠠᠬᠢᠴᠠ ᠵᠢ ᠬᠢᠨᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠢ᠌ᠲᠡ ᠵᠢᠨ ᠤᠢ᠌ᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠣᠯᠪᠠᠰᠤᠷᠠᠭᠤᠯᠤᠯ᠎ᠤᠨ ᠠᠩᠭᠢ ᠡᠷᠭᠢᠯᠡᠪᠡ
2023 ᠣᠨ᠎ᠤ ᠪᠥᠬᠥ ᠣᠷᠣᠨ᠎ᠤ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠲᠣᠬᠢᠷᠠᠭᠤᠯᠤᠨ ᠪᠠᠶ᠋ᠢᠷᠢᠯᠠᠭᠤᠯᠪᠠ
ᠣᠶᠤᠨᠴᠢ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠳᠡᠯᠡᠬᠡᠶ ᠵᠢᠨ ᠪᠥᠮᠪᠥᠷᠴᠡᠭ ᠵᠶ᠋ᠡᠨ ᠬᠠᠮᠠᠭ᠋ᠠᠯᠠᠶ᠎ᠠ —2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ
 
             蒙ICP备05000248号