ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠪᠠ
ᠨᠡᠶ᠋ᠢᠲᠡᠯᠡᠭᠰᠡᠨ ᠴᠠᠭ᠄ 2024-11-15


   11 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠬᠥᠬᠡᠬᠣᠲᠠ᠎ᠳᠤ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠬᠣᠩ ᠶᠤᠸᠠᠨ ᠭᠠᠷ᠎ᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠭᠠᠷ᠎ᠤᠨ ᠥᠰᠥᠭ ᠵᠢᠷᠤᠬᠤ ᠶᠣᠰᠣᠯᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠵᠢᠨ ᠳᠡᠳ᠋ ᠵᠠᠬᠢᠷᠤᠯ ᠵᠠᠩ ᡁᠢ ᠴᠢᠶᠠᠩ ᠪᠣᠯᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠣᠶᠠᠷ ᠲᠠᠯ᠎ᠠ ᠵᠢᠨ ᠲᠥᠯᠥᠭᠡᠯᠡᠭᠴᠢ ᠵᠢᠨ ᠬᠤᠪᠢ᠎ᠪᠠᠷ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠪᠠ᠃


W020241114388581027040.jpg



    ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠭᠡᠳ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠪᠠᠢ᠌ᠩᠭᠤ ᠬᠠᠮᠵᠢᠯᠴᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠴᠠᠩ᠎ᠤᠨ ᠪᠠᠶ᠋ᠢᠭᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠬᠢᠭᠡᠳ ᠪᠣᠯᠪᠠᠰᠤᠷᠠᠭᠤᠯᠤᠯ᠂ ᠮᠡᠷᠭᠡᠵᠢᠯ᠎ᠤᠨ ᠯᠠᠪᠯᠠᠯᠭ᠎ᠠ ᠵᠡᠷᠭᠡ ᠲᠠᠯ᠎ᠠ᠎ᠪᠠᠷ ᠥᠷᠭᠡᠨ ᠳᠡᠯᠭᠡᠷ ᠬᠠᠮᠵᠢᠯᠴᠠᠭ᠎ᠠ ᠥᠷᠨᠢᠭᠦᠯᠵᠦ᠂ ᠮᠠᠰᠢ ᠰᠠᠢ᠌ᠨ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠲᠣᠰ ᠤᠳᠠᠭ᠎ᠠ ᠵᠢᠨ ᠵᠦᠪᠯᠡᠯᠴᠡᠭᠡᠷ ᠵᠶ᠋ᠡᠷ ᠳᠡᠮᠵᠢᠨ᠂ ᠬᠣᠶᠠᠷ ᠲᠠᠯ᠎ᠠ᠎ᠪᠠᠷ ᠵᠶ᠋ᠠᠨ ᠬᠠᠮᠲᠤᠷᠠᠯᠴᠠᠭ᠎ᠠ᠎ᠪᠠᠨ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠢᠶᠠᠷᠤᠯᠲᠠ ᠬᠠᠮᠠᠭ᠋ᠠᠯᠠᠯᠲᠠ᠂ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠰᠢᠩᠭᠡᠭᠡᠬᠦ᠂ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ᠂ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠵᠣᠬᠢᠶᠠᠮᠠᠯ ᠤᠶᠤᠨᠴᠢ ᠴᠢᠳᠠᠪᠬᠢ ᠵᠢᠨ ᠬᠡᠷᠡᠭᠯᠡᠯᠲᠡ ᠵᠡᠷᠭᠡ ᠲᠠᠯ᠎ᠠ ᠵᠢᠨ ᠲᠣᠭᠣᠷᠢᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠰᠤᠳᠤᠯᠭ᠋ᠠᠨ ᠪᠣᠯᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠶᠠᠷᠢᠯᠴᠠᠵᠤ᠂ ᠰᠤᠷᠭ᠋ᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ ᠵᠢᠨ ᠬᠡᠪ ᠳᠠᠭᠤᠷᠢᠶᠠᠯ᠎ᠢ ᠬᠦᠴᠦ᠎ᠪᠠᠨ ᠬᠠᠮᠲᠤᠳᠬᠠᠨ ᠴᠣᠭᠴᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠪᠣᠯᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠨᠢᠭᠡᠴᠡ ᠵᠢᠨ ᠬᠠᠷᠢᠭᠤᠴᠠᠯᠭ᠋ᠠᠲᠠᠨ ᠭᠠᠷ᠎ᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠷᠴᠢᠨ ᠲᠣᠭᠣᠷᠢᠨ ᠡᠬᠢ ᠪᠠᠶᠠᠯᠢᠭ᠎ᠤᠨ ᠠᠰᠠᠭᠤᠳᠠᠯ᠎ᠢ ᠶᠠᠷᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠦᠨᠳᠦᠰᠦᠨ ᠬᠠᠤᠯᠢ ᠵᠢᠨ ᠭᠤᠤᠯ ᠰᠡᠳᠦᠪᠲᠦ ᠲᠠᠶ᠋ᠢᠯᠤᠮᠵᠢ ᠥᠷᠨᠢᠭᠦᠯᠪᠡ
ᠭᠤᠷᠪᠠᠨ ᠲᠢᠩᠬᠢᠮ ᠲᠣᠪᠴᠢᠶᠠᠨ᠎ᠤ ᠨᠠᠮ᠎ᠤᠨ ᠡᠭᠦᠷ ᠬᠠᠮᠲᠤᠷᠠᠨ 《ᠤᠮᠠᠷᠠᠲᠤ ᠵᠢᠨ ᠭᠤᠷᠪᠠᠨ ᠤᠷᠤᠨ》᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠶ ᠡᠭᠦᠷᠭᠡᠯᠡᠵᠦ ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠰᠢᠯᠭ᠋ᠠᠨ ᠬᠢᠨᠠᠬᠤ ᠠᠵᠢᠯ᠎ᠤᠨ ᠲᠤᠰᠬᠠᠶ ᠰᠡᠳᠦᠪᠲᠦ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠢ ᠰᠢᠭᠤᠶ ᠵᠢᠨ ᠦᠷᠭᠦᠯᠵᠢᠯᠡᠬᠦ ᠡᠵᠡᠩᠨᠡᠯᠲᠡ ᠵᠢᠨ ᠲᠤᠷᠰᠢᠯᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ
 
             蒙ICP备05000248号