ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ ᠡᠬᠢ ᠪᠠᠶᠠᠯᠢᠭ᠎ᠤᠨ ᠬᠡᠷᠡᠭ᠎ᠢ ᠲᠥᠪᠯᠡᠷᠡᠭᠦᠯᠦᠨ ᠬᠠᠮᠢᠶᠠᠷᠬᠤ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠠᠶ᠋ᠢᠴᠠᠭ᠋ᠠᠬᠤ ᠬᠤᠷᠢᠶ᠎ᠠ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ᠎ᠯᠦᠭᠡ ᠵᠢᠨ ᠠᠵᠢᠯ᠎ᠤᠨ ᠬᠠᠮᠢᠵᠯᠴᠠᠭᠠ ᠵᠢ ᠴᠢᠩᠭ᠋ᠠᠳᠬᠠᠬᠤ ᠵᠢᠨ ᠲᠤᠰᠠᠳᠠ᠂ 11 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠷᠴᠢᠨ ᠲᠣᠭᠣᠷᠢᠨ ᠡᠬᠢ ᠪᠠᠶᠠᠯᠢᠭ᠎ᠤᠨ ᠠᠰᠠᠭᠤᠳᠠᠯ᠎ᠢ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠬᠥᠬᠡᠬᠣᠲᠠ ᠵᠢᠨ ᠲᠡᠮᠦᠷ ᠵᠠᠮ᠎ᠤᠨ ᠲᠡᠭᠡᠭᠡᠪᠦᠷᠢ ᠵᠢᠨ ᠰᠢᠭᠦᠬᠦ ᠬᠣᠷᠢᠶ᠎ᠠ᠂ ᠬᠥᠬᠡᠬᠣᠲᠠ ᠵᠢᠨ ᠲᠡᠮᠦᠷ ᠵᠠᠮ᠎ᠤᠨ ᠲᠡᠭᠡᠭᠡᠪᠦᠷᠢ ᠵᠢᠨ ᠪᠠᠶ᠋ᠢᠴᠠᠭ᠋ᠠᠬᠤ ᠬᠣᠷᠢᠶ᠎ᠠ᠂ ᠵᠢᠨᠢᠩ᠎ᠤᠨ ᠲᠡᠮᠦᠷ ᠵᠠᠮ᠎ᠤᠨ ᠲᠡᠭᠡᠭᠡᠪᠦᠷᠢ ᠵᠢᠨ ᠪᠠᠶ᠋ᠢᠴᠠᠭ᠋ᠠᠬᠤ ᠬᠣᠷᠢᠶ᠎ᠠ᠂ ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠲᠢᠶᠸ ᠨᠢᠤ ᠡᠷᠭᠢᠯᠡᠪᠡ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠯ᠎ᠡ ᠲᠤᠬᠠᠶ᠋ᠢᠯᠠᠭᠰᠠᠨ ᠠᠵᠢᠯ᠎ᠤᠨ ᠭᠠᠵᠠᠷ᠎ᠤᠨ᠎ᠬᠢᠨ ᠬᠠᠤᠯᠢ ᠪᠤᠰᠤ᠎ᠪᠠᠷ ᠭᠠᠵᠠᠷ ᠡᠵᠡᠯᠡᠭᠰᠡᠨ ᠦᠢ᠍ᠯᠡ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠬᠤ᠂ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ᠂ ᠣᠶ ᠰᠢᠭᠤᠶ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠵᠡᠷᠭᠡ ᠲᠠᠯ᠎ᠠ᠎ᠪᠠᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠪᠠᠶ᠋ᠢᠴᠠᠭ᠋ᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ᠎ᠤᠨ ᠳᠤᠷᠠᠳᠤᠭᠰᠠᠨ ᠪᠣᠳᠠᠲᠠᠶ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭᠴᠦ᠂ ᠬᠣᠶᠠᠷ ᠲᠠᠯ᠎ᠠ᠎ᠪᠠᠷ ᠵᠶ᠋ᠠᠨ ᠪᠠᠰᠠ ᠪᠣᠳᠠᠲᠠᠶ ᠬᠡᠷᠡᠭ᠎ᠢ ᠬᠡᠷᠬᠢᠨ ᠬᠠᠤᠯᠢ ᠴᠠᠭ᠋ᠠᠵᠠ᠎ᠪᠠᠷ ᠰᠢᠢ᠍ᠳᠪᠦᠷᠢᠯᠡᠬᠦ ᠠᠰᠠᠭᠤᠳᠠᠯ᠎ᠤᠨ ᠲᠤᠬᠠᠶ ᠶᠠᠷᠢᠯᠴᠠᠪᠠ᠃ ᠡᠭᠦᠨ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠢᠭᠡᠨᠲᠡ ᠲᠡᠮᠦᠷ ᠵᠠᠮ᠎ᠤᠨ ᠲᠡᠭᠡᠭᠡᠪᠦᠷᠢ ᠵᠢᠨ ᠰᠢᠭᠦᠬᠦ ᠬᠣᠷᠢᠶ᠎ᠠ᠂ ᠲᠡᠮᠦᠷ ᠵᠠᠮ᠎ᠤᠨ ᠲᠡᠭᠡᠭᠡᠪᠦᠷᠢ ᠵᠢᠨ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠰᠠᠯᠠᠭ᠎ᠠ ᠮᠥᠴᠢᠷ᠎ᠯᠦᠭᠡ 《ᠵᠠᠰᠠᠭ ᠵᠠᠬᠢᠷᠭ᠎ᠠ + ᠬᠠᠤᠯᠢ ᠴᠠᠭ᠋ᠠᠵᠠ》 ᠵᠢᠨ ᠪᠠᠶ᠋ᠢᠩᠭᠤᠵᠢᠭᠰᠠᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠬᠠᠮᠲᠤᠷᠠᠭᠰᠠᠨ ᠬᠤᠷᠠᠯ ᠬᠤᠷᠠᠯᠳᠤᠭᠤᠯᠬᠤ᠂ ᠬᠠᠮᠲᠤᠷᠠᠭᠰᠠᠨ ᠪᠣᠯᠪᠠᠰᠤᠷᠠᠭᠤᠯᠤᠯ ᠥᠷᠨᠢᠭᠦᠯᠬᠦ᠂ ᠬᠠᠮᠲᠤᠷᠠᠨ ᠬᠠᠤᠯᠢ ᠲᠦᠭᠡᠮᠡᠯᠵᠢᠭᠦᠯᠬᠦ ᠵᠡᠷᠭᠡ ᠡᠯ᠎ᠡ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠨᠡᠪᠲᠡᠷᠡᠯᠴᠡᠭᠡ ᠬᠠᠮᠵᠢᠯᠴᠠᠭ᠎ᠠ ᠵᠢᠨ ᠬᠥᠭᠥᠷᠭᠡ ᠵᠢ ᠪᠦᠲᠦᠮᠵᠢᠲᠡᠶ ᠪᠠᠶ᠋ᠢᠭᠤᠯᠵᠤ᠂ ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠤᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠵᠢ ᠠᠬᠢᠭᠤᠯᠪᠠ᠃