ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠰᠢᠯᠭ᠋ᠠᠨ ᠬᠢᠨᠠᠬᠤ ᠠᠵᠢᠯ᠎ᠤᠨ ᠲᠤᠰᠬᠠᠶ ᠰᠡᠳᠦᠪᠲᠦ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-12-23

  
   12 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠰᠢᠯᠭ᠋ᠠᠨ ᠬᠢᠨᠠᠬᠤ ᠠᠵᠢᠯ᠎ᠤᠨ ᠲᠤᠰᠬᠠᠶ ᠰᠡᠳᠦᠪᠲᠦ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ᠂ 2024 ᠣᠨ᠎ᠤ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠰᠢᠯᠭ᠋ᠠᠨ ᠬᠢᠨᠠᠬᠤ ᠠᠵᠢᠯ᠎ᠢ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠨᠥᠬᠥᠷ ᠬᠤᠷᠠᠯ᠎ᠢ ᠡᠷᠭᠢᠯᠡᠭᠰᠡᠨ ᠪᠥᠭᠡᠳ ᠠᠵᠢᠯ᠎ᠢ ᠪᠠᠶ᠋ᠢᠷᠢᠯᠠᠭᠤᠯᠵᠤ᠂ ᠲᠣᠪᠴᠢᠶ᠎ᠠ ᠵᠢᠨ ᠬᠣᠯᠪᠣᠭᠳᠠᠯ ᠪᠥᠬᠥᠶ ᠭᠠᠵᠠᠷ ᠪᠣᠯᠤᠨ ᠰᠢᠭᠤᠳ ᠬᠠᠷᠢᠶ᠎ᠠ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃ 


W020241220406309642471.jpg


    ᠬᠤᠷᠠᠯ᠎ᠠᠴᠠ ᠤᠢ᠍ᠢ᠍ᠷ᠎ᠡ ᠵᠢᠨ ᠬᠤᠭᠤᠴᠠᠭ᠋ᠠᠨ᠎ᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠢᠨᠠᠨ ᠰᠢᠯᠭ᠋ᠠᠬᠤ ᠠᠵᠢᠯ᠎ᠤᠨ ᠬᠣᠯᠪᠣᠭᠳᠠᠯ ᠪᠦᠬᠦᠢ ᠪᠠᠶ᠋ᠢᠳᠠᠯ᠎ᠢ ᠮᠡᠳᠡᠭᠳᠡᠵᠦ᠂ 《ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ 〈ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠢᠨᠠᠨ ᠰᠢᠯᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)〉᠎ᠳᠤ ᠲᠤᠬᠢᠷᠠᠭᠤᠯᠤᠯᠳᠠ ᠬᠢᠬᠦ ᠬᠣᠯᠪᠣᠭᠳᠠᠯ ᠪᠦᠬᠦᠢ ᠶᠠᠪᠤᠳᠠᠯ᠎ᠤᠨ ᠲᠤᠬᠠᠢ ᠮᠡᠳᠡᠭᠳᠡᠯ》᠎ᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠢᠨᠠᠨ ᠰᠢᠯᠭ᠋ᠠᠬᠤ ᠲᠤᠬᠠᠢ ᠰᠢᠨ᠎ᠡ ᠵᠣᠷᠢᠭ ᠰᠠᠨᠠᠭ᠎ᠠ ᠵᠢ ᠤᠯᠠᠮᠵᠢᠯᠠᠵᠤ᠂ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠢᠨᠠᠨ ᠰᠢᠯᠭ᠋ᠠᠬᠤ ᠠᠵᠢᠯ᠎ᠢ ᠶᠠᠷᠢᠯᠴᠠᠨ ᠰᠤᠳᠤᠯᠤᠭᠰᠠᠨ ᠪᠥᠭᠡᠳ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠭᠡᠷ᠎ᠤᠨ ᠪᠢᠴᠢᠭ ᠮᠠᠲ᠋ᠧᠷᠢᠶᠠᠯ ᠶᠠᠪᠤᠭᠤᠯᠬᠤ ᠲᠡᠰ ᠳᠠᠷᠠᠭ᠋ᠠᠯᠠᠯ᠎ᠢ ᠵᠢᠷᠤᠮᠵᠢᠭᠤᠯᠵᠤ᠂ ᠲᠠᠷᠠᠭ᠋ᠠᠴᠢ ᠵᠢᠨ ᠠᠯᠬᠤᠮ᠎ᠤᠨ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠢᠨᠠᠨ ᠰᠢᠯᠭ᠋ᠠᠬᠤ ᠬᠠᠮᠢᠶ᠎ᠠ ᠪᠦᠬᠦᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠪᠠ᠃



W020241220406309664592.png



    ᠳᠡᠳ᠋ ᠲᠣᠪᠴᠢᠶᠠᠨ ᠳᠠᠷᠤᠭ᠎ᠠ ᠲᠢᠶᠸ ᠨᠢᠤ ᠴᠢᠬᠤᠯᠠᠴᠢᠯᠠᠭᠰᠠᠨ᠎ᠨᠢ᠂ ᠡᠯ᠎ᠡ ᠬᠣᠯᠪᠣᠭᠳᠠᠯ ᠪᠥᠬᠥᠶ ᠭᠠᠵᠠᠷ ᠪᠣᠯᠤᠨ ᠰᠢᠭᠤᠳ ᠬᠠᠷᠢᠶ᠎ᠠ ᠨᠢᠭᠡᠴᠡ᠎ᠨᠦᠭᠦᠳ ᠤᠯᠤᠰ᠎ᠤᠨ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠢᠨᠠᠨ ᠰᠢᠯᠭ᠋ᠠᠬᠤ ᠠᠭᠤᠯᠭ᠎ᠠ ᠵᠢ ᠬᠢᠨᠠᠮᠠᠭ᠋ᠠᠶ ᠰᠤᠳᠤᠯᠤᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠠᠵᠢᠯ᠎ᠤᠨ ᠵᠤᠯᠭ᠋ᠠᠯᠴᠠᠭ᠎ᠠ ᠶᠠᠪᠤᠭᠳᠠᠭᠤᠯᠵᠤ᠂ ᠬᠢᠨᠠᠨ ᠰᠢᠯᠭ᠋ᠠᠬᠤ ᠬᠣᠯᠪᠣᠭᠳᠠᠯ ᠪᠥᠬᠥᠶ ᠵᠦᠢ᠍ᠯᠡᠰ᠎ᠢ ᠪᠥᠬᠥ ᠲᠠᠯ᠎ᠠ᠎ᠪᠠᠷ ᠤᠢ᠌ᠯᠠᠭ᠋ᠠᠯᠴᠠᠬᠤ ᠬᠡᠷᠡᠭᠲᠡᠶ᠃ ᠡᠭᠦᠨ᠎ᠤ ᠬᠠᠮᠲᠤ᠂ ᠬᠠᠮᠤᠭ᠎ᠤᠨ ᠰᠢᠨ᠎ᠡ ᠮᠡᠳᠡᠭᠳᠡᠯ᠎ᠤᠨ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠭᠠᠵᠠᠷ᠂ ᠲᠣᠰ ᠨᠢᠭᠡᠴᠢ ᠵᠢᠨ ᠥᠪᠡᠷᠲᠡᠭᠡᠨ ᠵᠠᠰᠠᠬᠤ ᠣᠷᠣᠨ᠎ᠳᠤ ᠬᠣᠯᠪᠣᠭᠳᠠᠭᠰᠠᠨ ᠠᠶ᠋ᠢᠮᠠᠭ ᠬᠣᠲᠠ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠬᠢᠨᠠᠨ ᠰᠢᠯᠭ᠋ᠠᠬᠤ  ᠭᠦᠢ᠍ᠴᠡᠳᠬᠡᠯ ᠲᠣᠭ᠎ᠠ ᠵᠢᠨ ᠦᠨᠡᠯᠡᠯᠲᠡ ᠵᠢ ᠤᠷᠢᠳᠴᠢᠯᠠᠨ ᠰᠤᠳᠤᠯᠵᠤ᠂ ᠡᠯ᠎ᠡ ᠭᠠᠵᠠᠷ᠎ᠤᠨ ᠬᠢᠨᠠᠨ ᠰᠢᠯᠭ᠋ᠠᠬᠤ ᠪᠡᠯᠡᠳᠬᠡᠯ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠰᠠᠶ᠋ᠢᠲᠤᠷ ᠵᠢᠯᠣᠭᠣᠳᠴᠤ᠂ ᠠᠶ᠋ᠢᠮᠠᠭ ᠬᠣᠲᠠ ᠵᠢᠨ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠬᠤ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号