ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠦᠨᠳᠦᠰᠦᠨ ᠬᠠᠤᠯᠢ ᠵᠢᠨ ᠭᠤᠤᠯ ᠰᠡᠳᠦᠪᠲᠦ ᠲᠠᠶ᠋ᠢᠯᠤᠮᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-12-05

   
    ᠠᠷᠪᠠᠨ ᠨᠢᠭᠡᠳᠦᠭᠡᠷ ᠤᠯᠤᠰ᠎ᠤᠨ ᠦᠨᠳᠦᠰᠦᠨ ᠬᠠᠤᠯᠢ ᠵᠢᠨ ᠡᠳᠦᠷ ᠬᠦᠷᠴᠦ ᠢᠷᠡᠬᠦ ᠲᠠᠰᠢᠷᠠᠮ᠎ᠳᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠠᠤᠯᠢ ᠴᠠᠭ᠋ᠠᠵᠠ ᠵᠢᠨ ᠲᠢᠩᠬᠢᠮ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ 12 ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠠᠬᠢᠭᠤᠯᠬᠤ》᠎ᠪᠠᠷ ᠭᠤᠤᠯ ᠰᠡᠳᠦᠪ ᠪᠣᠯᠭ᠋ᠠᠭᠰᠠᠨ ᠦᠨᠳᠦᠰᠦᠨ ᠬᠠᠤᠯᠢ ᠵᠢᠨ ᠲᠤᠰᠬᠠᠶ ᠰᠡᠳᠦᠪᠲᠦ ᠲᠠᠶ᠋ᠢᠯᠤᠮᠵᠢ ᠡᠷᠭᠢᠯᠡᠵᠦ᠂ ᠲᠠᠶ᠋ᠢᠯᠤᠮᠵᠢ᠎ᠳᠤ ᠥᠪᠥᠷ ᠮᠣᠩᠭᠣᠯ᠎ᠤᠨ ᠳ᠋ᠦᠩ ᠿᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠳ᠋ᠤᠸᠠᠨ ᠯᠢᠶᠠᠩ ᠬᠠᠤᠯᠢᠴᠢ ᠵᠢ ᠤᠷᠢᠵᠤ ᠬᠢᠴᠢᠶᠡᠯ ᠣᠷᠣᠬᠤ ᠲᠠᠶ᠋ᠢᠯᠤᠮᠵᠢ ᠬᠢᠯᠭᠡᠵᠦ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ᠂ ᠲᠣᠪᠴᠢᠶ᠎ᠠ ᠵᠢᠨ ᠬᠠᠷᠢᠶ᠎ᠠ ᠡᠯ᠎ᠡ ᠨᠢᠭᠡᠴᠢ ᠵᠢᠨ 80 ᠭᠠᠷᠤᠶ ᠬᠥᠮᠦᠨ ᠣᠷᠣᠯᠴᠠᠵᠠᠶ᠃


W020241204351225792342_ORIGIN.jpg


    ᠲᠣᠰ ᠤᠳᠠᠭ᠋ᠠᠨ᠎ᠤ ᠲᠠᠶ᠋ᠢᠯᠤᠮᠵᠢ ᠵᠢᠨ ᠠᠭᠤᠯᠭ᠎ᠠ᠎ᠨᠢ ᠡᠯᠪᠡᠭ ᠪᠠᠶᠠᠯᠢᠭ᠂ ᠭᠤᠤᠯᠳᠠᠯᠭ᠎ᠠ᠎ᠨᠢ ᠲᠣᠪᠣᠶ᠋ᠢᠮ᠎ᠠ ᠪᠠᠶ᠋ᠢᠵᠤ᠂ ᠪᠣᠳᠠᠲᠠᠶ ᠠᠮᠢᠳᠤᠯᠢᠭ ᠬᠡᠷᠡᠭ᠎ᠤᠨ ᠵᠢᠱ᠌ᠢᠶ᠎ᠡ᠂ ᠭᠦᠨᠵᠡᠭᠡᠶ ᠪᠥᠭᠡᠳ ᠣᠶ᠋ᠢᠯᠠᠭ᠋ᠠᠮᠵᠢᠲᠠᠶ ᠲᠠᠶ᠋ᠢᠯᠤᠮᠵᠢ᠎ᠪᠠᠷ ᠳᠠᠮᠵᠢᠭᠤᠯᠤᠨ᠂ ᠲᠥᠷᠥ ᠵᠢᠨ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠂ ᠠᠷᠠᠳ ᠢᠷᠭᠡᠨ᠎ᠤ ᠦᠨᠳᠦᠰᠦᠨ ᠡᠷᠬᠡ ᠪᠠ ᠡᠭᠦᠷᠭᠡ᠂ ᠤᠯᠤᠰ᠎ᠤᠨ ᠦᠨᠳᠦᠰᠦᠨ ᠲᠦᠷᠢᠮ ᠵᠡᠷᠭᠡ ᠬᠡᠶ᠋ᠢᠰᠪᠦᠷᠢ ᠵᠦᠢ᠍ᠯ ᠵᠤᠷᠪᠤᠰ᠎ᠢ ᠪᠣᠳᠠᠲᠠᠶ᠋ᠢᠵᠢᠭᠤᠯᠪᠠ; ᠡᠭᠦᠨ᠎ᠤ ᠬᠠᠮᠲᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠦᠷᠢᠮ᠎ᠤᠨ ᠰᠢᠨ᠎ᠡ ᠡᠭᠦᠳᠦᠯᠲᠡ ᠪᠠ ᠰᠢᠪᠲᠤᠯᠤᠯᠲᠠ ᠵᠢ ᠪᠣᠳᠠᠲᠠᠶ ᠵᠦᠢ᠍ᠯ ᠵᠤᠷᠪᠤᠰ᠎ᠲᠠᠢ ᠤᠶᠠᠯᠳᠤᠭᠤᠯᠤᠨ ᠨᠠᠷᠢᠨ ᠲᠠᠶ᠋ᠢᠯᠪᠤᠷᠢᠯᠠᠵᠤ᠂ ᠨᠡᠯᠢᠶᠡᠳ ᠴᠢᠩᠭ᠎ᠠ ᠬᠠᠨᠳᠤᠯᠭ᠋ᠠᠲᠤ ᠴᠢᠨᠠᠷ ᠪᠠ ᠬᠡᠷᠡᠭᠯᠡᠭᠡᠨ᠎ᠤ ᠴᠢᠨᠠᠷ᠎ᠲᠠᠢ ᠪᠣᠯᠭ᠋ᠠᠵᠠᠶ᠃ ᠲᠠᠶ᠋ᠢᠯᠤᠮᠵᠢ ᠬᠢᠬᠦ᠎ᠪᠠᠷ ᠳᠠᠮᠵᠢᠭᠤᠯᠤᠨ᠂ ᠣᠢ ᠰᠢᠭᠤᠶ ᠨᠤᠲᠤᠭ ᠪᠡᠯᠴᠢᠭᠡᠷ᠎ᠤᠨ ᠥᠷᠭᠡᠨ ᠣᠯᠠᠨ ᠺᠠᠳ᠋ᠷ ᠠᠵᠢᠯᠲᠠᠨ᠎ᠤ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠪᠠᠳᠠᠷᠠᠭᠤᠯᠬᠤ᠂ ᠦᠨᠳᠦᠰᠦᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠬᠤ᠂ ᠰᠠᠶ᠋ᠢᠨ ᠰᠠᠶ᠋ᠢᠬᠠᠨ ᠬᠠᠤᠯᠢᠵᠢᠯ᠎ᠤᠨ ᠣᠷᠴᠢᠨ ᠨᠥᠬᠥᠴᠡᠯ᠎ᠢ ᠪᠣᠶ ᠪᠣᠯᠭ᠋ᠠᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠣᠢ ᠰᠢᠭᠤᠶ ᠨᠤᠲᠤᠭ ᠪᠡᠯᠴᠢᠭᠡᠷ᠎ᠤᠨ ᠺᠠᠳ᠋ᠷ ᠠᠵᠢᠯᠲᠠᠨ᠎ᠤ ᠬᠠᠤᠯᠢᠵᠢᠯ᠎ᠤᠨ ᠰᠡᠳᠬᠢᠬᠦᠶ ᠪᠠ ᠬᠠᠤᠯᠢᠵᠢᠯ᠎ᠤᠨ ᠠᠷᠭ᠎ᠠ ᠬᠡᠯᠪᠡᠷᠢ᠎ᠪᠠᠷ ᠠᠵᠢᠯ ᠵᠶ᠋ᠠᠨ ᠥᠷᠨᠢᠭᠦᠯᠬᠦ ᠵᠢ ᠬᠥᠲᠥᠯᠥᠨ ᠵᠢᠯᠣᠭᠣᠳᠴᠤ᠂ ᠣᠢ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠨᠠᠩ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠦᠨᠳᠦᠰᠦᠨ ᠬᠠᠤᠯᠢ ᠬᠠᠤᠯᠢ ᠴᠠᠭ᠋ᠠᠵᠠ ᠵᠢ ᠴᠢᠩᠭ᠎ᠠ ᠵᠢᠷᠤᠮᠯᠠᠬᠤ᠂ ᠣᠢ ᠰᠢᠭᠤᠶ ᠨᠤᠲᠤᠭ ᠪᠡᠯᠴᠢᠭᠡᠷ᠎ᠤᠨ ᠬᠦᠷᠢᠶᠡᠨ᠎ᠳᠠᠬᠢ ᠬᠠᠤᠯᠢᠵᠢᠯ᠎ᠤᠨ ᠪᠠᠶ᠋ᠢᠭᠤᠯᠤᠯᠲᠠ ᠵᠢ ᠠᠬᠢᠭᠤᠯᠬᠤ᠎ᠳᠤ ᠴᠢᠬᠤᠯᠠ  ᠦᠢ᠍ᠯᠡᠳᠦᠯ᠎ᠲᠠᠢ ᠶᠤᠮ᠃


W020241204351225824186_ORIGIN.jpg


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠭᠤᠷᠪᠠᠨ ᠲᠢᠩᠬᠢᠮ ᠲᠣᠪᠴᠢᠶᠠᠨ᠎ᠤ ᠨᠠᠮ᠎ᠤᠨ ᠡᠭᠦᠷ ᠬᠠᠮᠲᠤᠷᠠᠨ 《ᠤᠮᠠᠷᠠᠲᠤ ᠵᠢᠨ ᠭᠤᠷᠪᠠᠨ ᠤᠷᠤᠨ》᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠶ ᠡᠭᠦᠷᠭᠡᠯᠡᠵᠦ ᠪᠥᠬᠥ ᠣᠷᠣᠨ᠎ᠤ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠰᠢᠯᠭ᠋ᠠᠨ ᠬᠢᠨᠠᠬᠤ ᠠᠵᠢᠯ᠎ᠤᠨ ᠲᠤᠰᠬᠠᠶ ᠰᠡᠳᠦᠪᠲᠦ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠢ ᠰᠢᠭᠤᠶ ᠵᠢᠨ ᠦᠷᠭᠦᠯᠵᠢᠯᠡᠬᠦ ᠡᠵᠡᠩᠨᠡᠯᠲᠡ ᠵᠢᠨ ᠲᠤᠷᠰᠢᠯᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ 1.7 ᠲᠦᠮᠡᠨ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠬᠠᠮᠠᠭ᠋ᠠᠯᠠᠭᠴᠢ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠴᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠬᠦᠨᠦᠭᠡᠯᠷᠦ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢᠨ ᠤᠷᠤᠯᠳᠤᠭ᠋ᠠᠨ᠎ᠢ ᠠᠮᠵᠢᠯᠲᠠ᠎ᠲᠠᠢ ᠡᠷᠭᠢᠯᠡᠪᠡ
 
             蒙ICP备05000248号