ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠣᠶᠤᠨᠴᠢ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠳᠡᠯᠡᠬᠡᠶ ᠵᠢᠨ ᠪᠥᠮᠪᠥᠷᠴᠡᠭ ᠵᠶ᠋ᠡᠨ ᠬᠠᠮᠠᠭ᠋ᠠᠯᠠᠶ᠎ᠠ —2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-03-06


   2024 ᠣᠨ᠎ᠤ 3 ᠰᠠᠷ᠎ᠠ ᠵᠢᠨ 3᠎ᠤ ᠡᠳᠦᠷ ᠪᠣᠯ ᠠᠷᠪᠠᠨ ᠨᠢᠭᠡᠳᠡᠬᠢ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》 ᠪᠣᠯᠤᠨ᠎ᠠ᠂ ᠡᠨᠡ ᠵᠢᠯ᠎ᠤᠨ ᠮᠠᠨ᠎ᠤ ᠤᠯᠤᠰ᠎ᠤᠨ ᠠᠵᠢᠯᠯᠠᠭ᠎ᠠ ᠵᠢᠨ ᠭᠤᠤᠯ ᠰᠡᠳᠦᠪ ᠪᠣᠯ 《ᠬᠡᠭᠡᠷ᠎ᠡ ᠵᠢᠨ ᠠᠮᠢᠲᠠᠨ ᠤᠷᠭᠤᠮᠠᠯ᠎ᠤᠨ ᠣᠶᠤᠨᠴᠢ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠤᠶ᠎ᠠ》 ᠪᠣᠯᠤᠨ᠎ᠠ᠃



W020240305417319376173_ORIGIN.jpg



    《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》 ᠬᠦᠷᠴᠦ ᠢᠷᠡᠬᠦ ᠲᠠᠰᠢᠷᠠᠮ᠎ᠳᠤ᠂ ᠲᠤᠰ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠣᠶ ᠰᠢᠭᠤᠶ ᠵᠢᠨ ᠡᠬᠢ ᠪᠠᠶᠠᠯᠢᠭ᠎ᠤᠨ ᠬᠢᠨᠠᠯᠲᠠ ᠲᠠᠯᠪᠢᠬᠤ ᠲᠤᠰᠬᠠᠶ ᠲᠤᠰᠢᠶᠠᠯᠲᠠᠨ᠎ᠤ ᠬᠡᠷᠡᠭ ᠡᠷᠬᠢᠯᠡᠬᠦ ᠭᠠᠵᠠᠷ᠎ᠠᠴᠠ ᠭᠤᠤᠯᠯᠠᠨ ᠡᠷᠬᠢᠯᠡᠭᠰᠡᠨ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠨ ᠡᠷᠬᠢᠯᠡᠭᠰᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ᠂ ᠬᠥᠬᠡᠬᠣᠲᠠ ᠵᠢᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠢᠦᠢ ᠴᠢᠤᠸᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠡᠤᠷᠳᠣᠠ᠂ ᠬᠣᠲᠣᠩ   ᠠᠷᠠᠳ᠎ᠤᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠵᠢᠨ ᠡᠷᠭᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ ᠵᠢᠨ ᠢᠦᠶ ᠴᠢᠤᠸᠠᠨ ᠲᠣᠭᠣᠷᠢᠭ᠎ᠤᠨ ᠶᠡᠬᠡ ᠵᠣᠣ ᠠᠭᠤᠳᠠᠮ ᠲᠠᠯᠠᠪᠠᠶ᠎ᠳᠤ ᠶᠠᠪᠤᠭᠳᠠᠪᠠ᠃


W020240305417319398342_ORIGIN.jpg


     ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠨᠢ ᠣᠯᠠᠨ ᠨᠡᠶ᠋ᠢᠲᠡ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠨᠡᠶ᠋ᠢᠲᠡ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠠᠵᠢᠯ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠵᠤ᠂ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠴᠢᠩᠭ᠋ᠠᠳᠬᠠᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶ᠋ᠢᠬᠠᠨ ᠬᠡᠷ ᠣᠷᠣᠨ᠎ᠢ ᠴᠢᠷᠮᠠᠶ᠋ᠢᠨ ᠪᠠᠶ᠋ᠢᠭᠤᠯᠬᠤ ᠵᠢᠨ ᠲᠥᠯᠥᠭᠡ ᠶᠤᠮ᠃


W020240305417319482703_ORIGIN.jpg



      ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ᠂ ᠰᠠᠨᠠᠭ᠋ᠠᠴᠢᠯᠠᠭ᠎ᠠ ᠵᠢᠨ ᠪᠢᠴᠢᠭ ᠤᠩᠰᠢᠬᠤ᠂ ᠤᠷᠠᠨ ᠰᠠᠶ᠋ᠢᠬᠠᠨ᠎ᠤ ᠲᠣᠭᠯᠠᠯᠲᠠ ᠭᠠᠷᠭ᠋ᠠᠬᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠱᠠᠩᠨᠠᠯᠲᠤ ᠠᠰᠠᠭᠤᠯᠲᠠ ᠬᠠᠷᠢᠭᠤᠯᠲᠠ᠂ ᠰᠠᠶ᠋ᠢᠨ ᠲᠤᠷᠠᠴᠤᠳ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ᠂ ᠤᠷᠭᠤᠮᠠᠯ᠎ᠤᠨ ᠥᠯᠢᠭᠡᠷ ᠬᠡᠪ᠎ᠢ ᠳᠡᠯᠭᠡᠨ ᠦᠵᠡᠭᠦᠯᠬᠦ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠤᠬᠠᠭᠤᠯᠭ᠎ᠠ ᠵᠢᠨ ᠸᠢᠳᠢᠣ᠋ ᠵᠢ ᠨᠡᠪᠲᠡᠷᠡᠭᠦᠯᠬᠦ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠮᠡᠳᠡᠯᠭᠡ ᠵᠢ ᠲᠦᠭᠡᠮᠡᠯᠵᠢᠭᠦᠯᠦᠨ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠤᠯᠠᠨ ᠶᠠᠩᠵᠤᠲᠦ ᠴᠢᠨᠠᠷ᠎ᠢ ᠢᠯᠡᠷᠡᠭᠦᠯᠵᠦ᠂ ᠨᠡᠶ᠋ᠢᠭᠡᠮ᠎ᠤᠨ ᠡᠯ᠎ᠡ ᠡᠲᠡᠭᠡᠳ᠎ᠤᠨ ᠬᠥᠮᠦᠰ᠎ᠢ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠦᠢ᠍ᠯᠡᠰ᠎ᠲᠤ ᠣᠷᠣᠯᠴᠠᠬᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠲᠠᠨᠢᠬᠤ᠂ ᠣᠶ᠋ᠢᠯᠠᠭ᠋ᠠᠬᠤ᠂ ᠬᠠᠢ᠌ᠷᠠᠯᠠᠨ ᠬᠠᠮᠠᠭ᠋ᠠᠯᠠᠬᠤ ᠵᠢ ᠤᠷᠢᠶᠠᠯᠠᠪᠠ᠃ ᠲᠤᠰ ᠡᠳᠦᠷ᠎ᠤᠨ ᠦᠳᠡ ᠵᠢᠨ ᠡᠮᠦᠨ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ  ᠦᠢ᠍ᠯᠡᠳᠦᠯᠭᠡ ᠵᠢᠨ ᠰᠠᠭᠤᠷᠢᠨ》 ᠪᠤᠯᠬᠤ ᠬᠥᠬᠡᠬᠣᠲᠠ ᠵᠢᠨ ᠬᠡᠭᠡᠷ᠎ᠡ ᠵᠢᠨ ᠠᠮᠢᠲᠠᠨ᠎ᠢ ᠠᠪᠤᠷᠠᠨ ᠬᠠᠮᠠᠭ᠋ᠠᠯᠠᠬᠤ ᠲᠥᠪ ᠵᠢᠩᠬᠢᠨᠢ᠎ᠪᠠᠷ ᠫᠠᠶ᠋ᠢᠰᠠ ᠡᠯᠭᠦᠪᠡ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠲᠤᠰᠬᠠᠶ ᠲᠤᠰᠢᠶᠠᠯᠲᠠᠨ᠎ᠤ ᠡᠷᠭᠢᠯᠡᠭᠰᠡᠨ ᠮᠥᠬᠥᠬᠦ ᠰᠢᠬᠠᠭᠰᠠᠨ ᠳᠦᠷᠰᠦ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠢᠨ ᠢᠦᠶ ᠰᠢᠨ ᠨᠥᠬᠥᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠴᠢᠭᠢᠭᠯᠢᠭ ᠭᠠᠵᠠᠷ ᠪᠠ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠨ ᠬᠠᠮᠢᠶᠠᠷᠬᠤ ᠭᠠᠵᠠᠷ᠎ᠤᠨ ᠳᠡᠳ᠋ ᠭᠠᠵᠠᠷ᠎ᠤᠨ ᠳᠠᠷᠤᠭ᠎ᠠ ᠲᠢᠶᠠᠨ ᠵᠢᠶᠠᠨ ᠶᠦᠩ ᠨᠥᠬᠥᠷ ᠬᠠᠮᠲᠤ᠎ᠪᠠᠷ 《ᠦᠢ᠍ᠯᠡᠳᠦᠯᠭᠡ ᠵᠢᠨ ᠰᠠᠭᠤᠷᠢᠨ ᠭᠠᠵᠠᠷ》᠎ᠲᠤ ᠫᠠᠶ᠋ᠢᠰᠠ  ᠡᠯᠭᠦᠪᠡ᠃



W020240305417319425391_ORIGIN.jpg


   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠬᠥᠬᠡᠬᠣᠲᠠ ᠵᠢᠨ ᠬᠡᠭᠡᠷ᠎ᠡ ᠵᠢᠨ ᠠᠮᠢᠲᠠᠨ᠎ᠢ ᠠᠪᠤᠷᠠᠨ ᠬᠠᠮᠠᠭ᠋ᠠᠯᠠᠬᠤ ᠲᠥᠪ᠎ᠤᠨ ᠰᠠᠭᠤᠷᠢᠨ ᠳᠡᠭᠡᠷ᠎ᠡ ᠪᠠᠶ᠋ᠢᠭᠤᠯᠵᠤ᠂ 《ᠭᠥᠯᠢᠶᠡᠨ ᠠᠪᠬᠤ᠂ ᠠᠪᠤᠷᠠᠨ ᠲᠤᠰᠠᠯᠠᠬᠤ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠤᠬᠠᠭᠤᠯᠭ᠎ᠠ ᠬᠥᠮᠦᠵᠢᠯ》᠎ᠤᠨ ᠣᠯᠠᠨ ᠡᠰᠢᠵᠢᠭᠰᠡᠨ ᠦᠢ᠍ᠯᠡᠴᠢᠯᠡᠭᠡ ᠵᠢ ᠨᠢᠭᠡ ᠴᠣᠭᠴᠠᠵᠢᠭᠤᠯᠤᠭᠰᠠᠨ ᠶᠡᠷᠦᠩᠬᠡᠶ᠋ᠢᠯᠡᠭᠰᠡᠨ ᠴᠢᠨᠠᠷᠲᠠᠶ ᠦᠢ᠍ᠯᠡᠳᠦᠯᠭᠡ ᠵᠢᠨ ᠰᠠᠭᠤᠷᠢᠨ ᠪᠤᠯᠭ᠋ᠠᠬᠤ᠎ᠪᠠᠷ ᠵᠣᠷᠢᠯᠭ᠎ᠠ ᠪᠤᠯᠭ᠋ᠠᠪᠠ᠃ ᠬᠡᠭᠡᠷ᠎ᠡ ᠵᠢᠨ ᠠᠮᠢᠲᠠᠨ᠎ᠢ ᠠᠪᠤᠷᠠᠨ ᠬᠠᠮᠠᠭ᠋ᠠᠯᠠᠬᠤ ᠲᠥᠪ 2021 ᠣᠨ᠎ᠤ 10  ᠰᠠᠷ᠎ᠠ᠎ᠳᠤ ᠪᠠᠶ᠋ᠢᠭᠤᠯᠤᠭᠳᠠᠭᠰᠠᠨ᠎ᠠᠴᠠ ᠨᠠᠰᠢ᠂ ᠨᠡᠶ᠋ᠢᠲᠡ 134 ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠪᠠ᠂ ᠡᠭᠦᠨ᠎ᠳᠤ ᠳᠤᠮᠳᠠᠳᠤ ᠤᠯᠤᠰ᠎ᠤᠨ ᠮᠥᠬᠥᠬᠦ ᠰᠢᠬᠠᠭᠰᠠᠨ ᠬᠣᠪᠣᠷ ᠴᠤᠬᠠᠭ ᠠᠮᠢᠲᠠᠨ ᠪᠣᠯᠬᠤ ᠴᠠᠭ᠋ᠠᠨ ᠲᠡᠭᠡᠯᠢ᠂ ᠤᠯᠤᠰ᠎ᠤᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠪᠣᠯᠬᠤ ᠬᠠᠷ᠎ᠠ ᠥᠷᠪᠢ᠂ ᠴᠠᠭ᠋ᠠᠨ ᠳᠡᠭᠡᠯᠡᠶ᠂ ᠤᠯᠤᠰ᠎ᠤᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ᠂ ᠪᠤᠷᠤ ᠭᠦᠷᠦᠭᠡᠰᠦ ᠵᠡᠷᠭᠡ ᠵᠢ ᠪᠠᠭᠲᠠᠭ᠋ᠠᠵᠤ᠂ 116 ᠵᠢ᠎ᠨᠢ ᠵᠠᠰᠠᠵᠤ ᠡᠳᠡᠭᠡᠷᠡᠭᠦᠯᠦᠨ᠂ ᠡᠬᠡ ᠪᠠᠢ᠌ᠭ᠋ᠠᠯᠢ᠎ᠳᠤ᠎ᠨᠢ ᠲᠠᠯᠪᠢᠭᠰᠠᠨ ᠪᠠᠢ᠌ᠨ᠎ᠠ᠃ ᠲᠥᠪ᠎ᠨᠢ ᠪᠠᠰᠠ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠲᠠᠢ 《ᠬᠡᠭᠡᠷ᠎ᠡ ᠵᠢᠨ ᠠᠮᠢᠲᠠᠨ᠎ᠢ ᠭᠥᠯᠢᠶᠡᠨ ᠠᠪᠬᠤ ᠪᠠ ᠬᠠᠮᠠᠭ᠋ᠠᠯᠠᠬᠤ ᠬᠠᠮᠲᠤᠷᠠᠭᠰᠠᠨ ᠲᠣᠭᠲᠠᠴᠠ》 ᠪᠠᠢ᠌ᠭᠤᠯᠪᠠ᠃ ᠦᠢ᠍ᠯᠡᠳᠦᠯᠭᠡ ᠵᠢᠨ ᠰᠠᠭᠤᠷᠢᠨ ᠭᠠᠵᠠᠷ ᠪᠠᠶ᠋ᠢᠭᠤᠯᠤᠭᠳᠠᠭᠰᠠᠨ᠎ᠨᠢ ᠣᠷᠣᠨ᠎ᠤ ᠲᠥᠪ᠎ᠤᠨ 《ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ》 ᠰᠠᠶ᠋ᠢᠨ ᠰᠠᠶ᠋ᠢᠬᠠᠨ ᠬᠡᠷ ᠣᠷᠣᠨ᠎ᠢ ᠬᠠᠮᠲᠤ᠎ᠪᠠᠷ ᠴᠣᠭᠴᠠᠯᠠᠬᠤ᠎ᠳᠤ ᠰᠠᠭᠤᠷᠢ ᠲᠠᠯᠪᠢᠵᠤ ᠥᠭᠴᠡᠶ᠃


W020240305417319452893_ORIGIN.jpg


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠭᠡᠷ 2024 ᠣᠨ᠎ᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠪᠦᠷᠢᠯᠳᠦᠬᠦᠨ ᠨᠢᠭᠡᠴᠢ ᠵᠢᠨ ᠬᠤᠷᠠᠯ ᠬᠤᠷᠠᠯᠳᠤᠭᠤᠯᠪᠠ
ᠦᠯᠵᠡᠶ᠋ᠢᠮᠦ᠋ᠷᠡᠨ ᠰᠤᠮᠤ ᠠᠲᠠᠷ ᠬᠠᠭ᠋ᠠᠯᠪᠤᠷᠢᠯᠠᠬᠤ ᠵᠢ ᠴᠠᠭ᠋ᠠᠵᠠᠯᠠᠵᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠪᠡ
ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠤᠨ ᠪᠤᠯᠪᠠᠰᠤᠷᠠᠭᠤᠯᠤᠯ᠎ᠤᠨ ᠠᠩᠭᠢ ᠪᠤᠭᠤᠲᠤ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠮᠡᠷᠭᠡᠵᠢᠯ᠎ᠤᠨ ᠪᠠᠷᠢᠮᠵᠢᠶ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠬᠤ》 ᠲᠤᠰᠬᠠᠶ ᠰᠡᠳᠦᠪᠲᠦ ᠲᠠᠶ᠋ᠢᠯᠤᠮᠵᠢ ᠶᠠᠪᠤᠭᠳᠠᠭᠤᠯᠪᠠ
 
             蒙ICP备05000248号